ᠮᠠᠯᠴᠢᠨ ᠠᠶᠢᠯ ᠤᠨ ᠪᠡᠯᠴᠢᠭᠡᠷ ᠲᠤ ᠰᠦᠷᠦᠭ ᠲᠤᠭᠤᠷᠤᠤ ᠰᠠᠭᠠᠳᠠᠯ᠎ᠠ
ᠨᠡᠶᠢᠲᠡᠯᠡᠭᠰᠡᠨ ᠴᠠᠭ᠄
2024/5/29
     ᠪᠠᠶᠢᠭᠠᠯᠢ ᠠᠴᠠ ᠰᠤᠶᠤᠷᠬᠠᠭᠰᠠᠨ ᠨᠠᠨᠳᠢᠨ ᠵᠦᠢᠯᠡᠰ ᠪᠦᠬᠦᠨ ᠢ ᠬᠠᠶᠢᠷᠠᠯᠠᠨ ᠬᠠᠮᠠᠭᠠᠯᠠᠳᠠᠭ ᠨᠢ ᠮᠠᠨ ᠤ ᠮᠠᠯᠴᠢᠳ ᠤᠨ ᠡᠬᠡ ᠪᠠᠶᠢᠭᠠᠯᠢ ᠲᠠᠢ ᠪᠠᠨ ᠵᠤᠬᠢᠴᠠᠨ ᠠᠮᠢᠳᠤᠷᠠᠭᠰᠠᠭᠠᠷ ᠢᠷᠡᠭᠰᠡᠨ ᠤᠷ᠎ᠠ ᠣᠬᠠᠭᠠᠨ ᠪᠣᠯᠣᠨ᠎ᠠ᠃
     ᠣᠶᠢᠷ᠎ᠠ ᠶᠢᠨ ᠡᠳᠦᠷ᠂ ᠠᠪᠠᠭ᠎ᠠ ᠬᠤᠰᠢᠭᠤᠨ ᠤ ᠪᠠᠶᠠᠨᠳᠤᠭ ᠰᠣᠮᠣᠨ ᠤ ᠳᠡᠯᠭᠡᠷᠪᠣᠯᠠᠭ ᠭᠠᠴᠠᠭᠠᠨ ᠤ ᠮᠠᠯᠴᠢᠨ ᠲᠠᠨ᠎ᠠ ᠶᠢᠨ ᠪᠡᠯᠴᠢᠭᠡᠷ ᠲᠤ ᠰᠦᠷᠦᠭ ᠲᠤᠭᠤᠷᠤᠤ ᠦᠷᠲᠡᠭᠡᠯᠡᠨ ᠪᠠᠭᠤᠭᠰᠠᠨ ᠳᠤ ᠲᠡᠷᠡ ᠡᠨᠡᠬᠦ ᠡᠶ᠎ᠡ ᠵᠤᠬᠢᠴᠠᠯᠲᠤ ᠪᠠᠶᠢᠭᠠᠯᠢ ᠶᠢᠨ ᠦᠩᠭᠡ ᠦᠵᠡᠮᠵᠢ ᠶᠢ ᠪᠢᠴᠢᠯᠭᠡ ᠬᠢᠵᠦ ᠰᠦᠯᠵᠢᠶᠡᠨ ᠳᠤ ᠨᠡᠶᠢᠲᠡᠯᠡᠭᠰᠡᠨ ᠳᠤ ᠬᠦᠮᠦᠰ ᠤᠨ ᠪᠠᠭ᠋ᠠᠷᠬᠠᠯ ᠢ ᠲᠠᠳᠠᠭᠰᠠᠨ ᠪᠠᠶᠢᠨ᠎ᠠ᠃
     ᠲᠠᠨ᠎ᠠ ᠶᠢᠨ ᠪᠡᠯᠴᠢᠭᠡᠷ ᠲᠤ ᠰᠠᠭᠠᠭᠳᠠᠭᠰᠠᠨ ᠡᠨᠡᠬᠦ ᠬᠦᠭᠡᠷᠦᠭᠦᠨ ᠠᠮᠢᠲᠠᠨ ᠨᠢ ᠲᠤᠭᠤᠷᠤᠤ ᠶᠢᠨ ᠨᠢᠭᠡᠨ ᠲᠦᠷᠦᠯ ᠪᠣᠯᠬᠤ ᠬᠠᠷᠬᠢᠷ᠎ᠠ ᠪᠠᠶᠢᠵᠤ᠂ ᠬᠠᠷᠬᠢᠷ᠎ᠠ ᠨᠢ ᠤᠯᠤᠰ ᠤᠨ ᠬᠤᠶᠠᠳᠤᠭᠠᠷ ᠲᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠠᠮᠢᠲᠠᠨ ᠪᠣᠯᠣᠨ᠎ᠠ᠃ ᠲᠠᠨ᠎ᠠ ᠶᠢᠨ ᠬᠡᠯᠡᠬᠦ ᠪᠠᠷ᠂ ᠵᠢᠯ ᠪᠣᠯᠭᠠᠨ ᠡᠳᠡᠨ ᠤ ᠪᠡᠯᠴᠢᠭᠡᠷ ᠲᠤ ᠨᠢᠭᠡ ᠬᠤᠣᠰ ᠲᠤᠭᠤᠷᠤᠤ ᠢᠷᠡᠳᠡᠭ ᠪᠠᠶᠢᠭᠰᠠᠨ ᠪᠣᠯ ᠦᠨᠤ ᠵᠤᠨ 7 ᠲᠤᠭᠤᠷᠤᠤ ᠨᠡᠭᠦᠳᠡᠯᠯᠡᠨ ᠪᠠᠭᠤᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号