ᠠᠪᠠᠭ᠎ᠠ ᠬᠤᠰᠢᠭᠤᠨ ᠤ ᠠᠩᠬᠠᠳᠠᠭᠴᠢ ︽ᠪᠠᠭᠠᠴᠤᠳ ᠤᠨ ᠴᠡᠷᠢᠭ ᠤᠨ ᠰᠤᠷᠭᠠᠭᠤᠯᠢ︾ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 21 ᠤ ᠡᠳᠦᠷ᠂ ᠬᠤᠰᠢᠭᠤ ᠡᠪᠯᠡᠯ ᠤᠨ ᠬᠤᠷᠢᠶ᠎ᠠ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤ ᠪᠠᠭᠠᠴᠤᠳ ᠤᠨ ᠠᠵᠢᠯ ᠤᠨ ᠬᠤᠷᠢᠶ᠎ᠠ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠨᠠᠷᠠᠨᠪᠤᠯᠠᠭ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠢᠯᠢ ᠶᠢᠨ ᠲᠣᠮᠢᠯᠠᠭᠰᠠᠨ ᠰᠠᠯᠪᠤᠷᠢ ᠨᠠᠷᠠᠨᠪᠤᠯᠠᠭ ᠰᠤᠮᠤ ᠳᠤ ︽ᠪᠠᠭᠠᠴᠤᠳ ᠤᠨ ᠴᠡᠷᠢᠭ ᠤᠨ ᠰᠤᠷᠭᠠᠭᠤᠯᠢ︾ ᠶᠢᠨ ᠫᠠᠶᠢᠰᠠ ᠰᠡᠬᠦᠬᠦ ᠶᠣᠰᠣᠯᠠᠯ ᠥᠷᠨᠢᠭᠦᠯᠦᠭᠰᠡᠨ ᠨᠢ ᠪᠥᠬᠦ ᠬᠤᠰᠢᠭᠤᠨ ᠤ ᠠᠩᠬᠠᠳᠠᠭᠴᠢ ︽ᠪᠠᠭᠠᠴᠤᠳ ᠤᠨ ᠴᠡᠷᠢᠭ ᠤᠨ ᠰᠤᠷᠭᠠᠭᠤᠯᠢ︾ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠡᠪᠯᠡᠯ ᠤᠨ ᠲᠥᠪ ᠬᠤᠷᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠵᠤ᠂ ᠵᠠᠯᠠᠭᠤᠴᠤᠳ ᠢ ᠵᠣᠬᠢᠶᠠᠨ ᠪᠠᠶᠢᠭᠤᠯᠤᠨ ᠤᠯᠤᠰ ᠢᠶᠠᠨ ᠬᠠᠮᠠᠭᠠᠯᠠᠵᠤ ᠬᠢᠯᠢ ᠶᠢ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠳᠤᠮᠳᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠭᠠᠷᠳᠠᠬᠤ ᠴᠡᠭ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠣᠯᠵᠤ᠂ ᠪᠠᠭᠠᠴᠤᠳ ᠤᠨ ᠴᠡᠷᠢᠭ ᠤᠨ ᠰᠤᠷᠭᠠᠭᠤᠯᠢ ᠶᠢ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠨᠠᠮ ᠤᠨ ︽ᠰᠢᠯᠢᠳᠡᠭ ᠪᠠᠭᠠᠴᠤᠳ︾ ᠢ ᠪᠤᠶᠢᠵᠢᠭᠤᠯᠬᠤ ᠴᠢᠬᠤᠯᠠ ᠠᠴᠢᠶᠠᠯᠠᠪᠤᠷᠢ ᠪᠣᠯᠭᠠᠪᠠ᠃      ᠪᠠᠭᠠᠴᠤᠳ ᠤᠨ ᠴᠡᠷᠢᠭ ᠤᠨ ᠰᠤᠷᠭᠠᠭᠤᠯᠢ ᠪᠣᠯ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠢᠩᠭᠠᠳᠬᠠᠬᠤ ᠪᠣᠳᠠᠲᠤ ᠬᠡᠷᠡᠭᠴᠡᠭᠡ ᠮᠥᠨ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠬᠥᠮᠦᠵᠢᠭᠦᠯᠬᠦ ᠴᠢᠬᠤᠯᠠ ᠠᠷᠭ᠎ᠠ ᠵᠠᠮ ᠮᠥᠨ᠂ ᠨᠡᠩ ᠴᠤ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠨᠠᠷᠠᠨᠪᠤᠯᠠᠭ ᠰᠤᠮᠤᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ ᠨᠢ ᠮᠠᠨ ᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠥᠷᠭᠡᠨ ᠣᠯᠠᠨ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠴᠡᠷᠢᠭ ᠤᠨ ᠰᠤᠷᠭᠠᠭᠤᠯᠢ ᠶᠢᠨ ᠠᠵᠢᠯᠯᠠᠭᠠᠨ ᠤ ᠳᠤᠮᠳᠠ ᠡᠷᠴᠢ ᠵᠣᠷᠢᠭ ᠢ ᠨᠢ   ᠬᠦᠪᠴᠢᠯᠡᠬᠦ᠂ ᠨᠡᠶᠢᠲᠡᠴᠢ ᠦᠵᠡᠯ᠂ ᠡᠬᠡ ᠤᠷᠤᠡᠴᠢ ᠦᠵᠡᠯ᠂ ᠨᠡᠶᠢᠭᠡᠮ ᠵᠢᠷᠤᠮ ᠤᠨ ᠬᠠᠶᠢᠷ᠎ᠠ ᠰᠡᠳᠬᠢᠯᠭᠡ ᠶᠢ ᠬᠥᠮᠦᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠡᠬᠡ ᠤᠯᠤᠰ ᠲᠠᠭᠠᠨ ᠵᠢᠳᠬᠦᠬᠦ ᠠᠯᠤᠰ ᠬᠡᠳᠦ ᠶᠢᠨ ᠬᠦᠰᠡᠯᠡᠩ ᠢ ᠬᠥᠭᠵᠢᠭᠡᠬᠦ ᠳᠤ ᠴᠢᠬᠤᠯᠠ ᠠᠴᠢ ᠬᠤᠯᠪᠣᠭᠳᠠᠯ ᠲᠠᠢ  ᠶᠤᠮ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠤ ᠥᠷᠭᠡᠨ ᠤᠯᠠᠨ ᠴᠡᠷᠢᠭ ᠠᠷᠠᠳ ᠠᠴᠠ ᠰᠠᠯᠵᠤ ᠴᠢᠳᠠᠬᠤ ᠦᠭᠡᠢ ᠪᠥᠭᠡᠳ ᠲᠡᠳᠡᠨ ᠢ ᠬᠠᠷᠠᠬᠠᠨ ᠪᠠᠭ᠎ᠠ ᠠᠴᠠ ᠪᠠᠨ ᠠᠯᠣᠰ ᠬᠡᠲᠦ ᠶᠢᠨ ᠴᠡᠷᠢᠭ ᠤᠨ ᠶᠠᠪᠤᠳᠠᠯ ᠤᠨ ᠬᠦᠰᠡᠯᠡᠩ ᠲᠠᠢ ᠪᠣᠯᠭᠠᠵᠤ᠂ ᠤᠯᠤᠰ ᠣᠷᠣᠨ ᠢᠶᠠᠨ ᠬᠠᠮᠠᠭᠠᠯᠠᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠬᠤᠰᠢᠭᠤ ᠡᠪᠯᠡᠯ ᠤᠨ ᠬᠤᠷᠢᠶ᠎ᠠ ᠪᠠᠭᠠᠴᠤᠳ ᠤᠨ ᠴᠡᠷᠢᠭ ᠤᠨ ᠰᠤᠷᠭᠠᠭᠤᠯᠢ ᠪᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ  ᠳᠠᠶᠢᠴᠢᠯᠠᠬᠤ᠂ ᠠᠩᠭᠢ ᠶᠢᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠤᠨ ᠳᠠᠶᠢᠴᠢᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠳᠤᠯᠬᠡ ᠪᠠᠷ ᠬᠥᠮᠦᠨ ᠢ ᠬᠥᠮᠦᠵᠢᠭᠦᠯᠬᠦ ᠦᠢᠯᠡᠳᠤᠯ ᠢ ᠬᠦᠢᠴᠡᠳ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号