5 ᠰᠠᠷ᠎ᠠ ᠶᠢᠨ 22 ᠤ ᠡᠳᠦᠷ᠂ ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠬᠤᠯᠪᠣᠭᠠᠲᠤ | ᠬᠤᠷᠠᠯ ᠠᠴᠠ ᠭᠤᠣᠯᠯᠠᠨ ᠡᠷᠬᠢᠯᠡᠵᠦ᠂ ᠠᠪᠠᠭ᠎ᠠ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ | ᠳᠠᠭᠠᠭᠠᠴᠢᠯᠠᠨ ᠡᠷᠬᠢᠯᠡᠭᠰᠡᠨ ︽ᠶᠡᠭᠡ ᠬᠠᠶᠢᠷ᠎ᠠ ᠶᠢᠨ ᠣᠮᠠᠷᠠᠲᠤ ᠬᠢᠯᠢ᠂ ᠳᠠᠩᠰᠤᠭ ᠠᠮᠢᠳᠤᠷᠠᠯ︾- ᠪᠦᠬᠦ | ᠠᠶᠢᠮᠠᠭ ᠤᠨ ᠵᠡᠮᠳᠡᠭᠴᠦᠳ ᠤᠨ ᠣᠷᠠᠯᠢᠭ ᠤᠨ ᠨᠠᠶᠢᠷ ᠵᠢᠴᠢ ᠭᠤᠴᠢᠨ ᠲᠦᠷᠪᠡᠳᠦᠭᠡᠷ ᠣᠳᠠᠭᠠᠨ ᠤ ︽ᠪᠦᠬᠦ | ᠤᠯᠤᠰ ᠤᠨ ᠵᠡᠮᠳᠡᠭᠴᠦᠳ ᠢ ᠳᠤᠰᠠᠯᠠᠬᠤ ᠡᠳᠦᠷ︾ ᠢ ᠪᠡᠯᠭᠡᠯᠡᠬᠦ ᠠᠵᠢᠯᠯᠠᠭ᠎ᠠ ᠠᠪᠠᠭ᠎ᠠ ᠬᠤᠰᠢᠭᠤᠨ ᠤ | ᠶᠡᠷᠦᠩᠬᠡᠶᠢᠯᠡᠭᠰᠡᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠲᠦᠪ ᠲᠤ ᠶᠠᠪᠤᠭᠳᠠᠪᠠ᠃ | ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠬᠤᠯᠪᠤᠭᠠᠲᠤ ᠬᠤᠷᠠᠯ ᠤᠨ ᠬᠡᠷᠡᠭ ᠡᠷᠬᠢᠯᠡᠭᠴᠢᠳ ᠤᠨ | ᠳᠡᠳ᠋ ᠳᠠᠷᠤᠭ᠎ᠠ ᠪᠦᠷᠢᠨᠪᠠᠶᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ | ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠥᠩ ᠵᠢᠶᠦ᠋ᠨ ᠨᠠᠷ ᠠᠵᠢᠯᠯᠠᠭ᠎ᠠ ᠳᠤ ᠤᠷᠤᠯᠴᠠᠵᠠᠢ᠃ | ᠠᠵᠢᠯᠯᠠᠭ᠎ᠠ ᠪᠠᠷ᠂ ᠣᠯᠠᠭᠠᠨᠮᠦ᠋ᠴᠢᠷ ᠤᠨ ᠲᠤᠭᠯᠠᠭᠴᠢᠳ ᠪᠠ ᠵᠡᠮᠳᠡᠭᠴᠦᠳ ᠤᠨ ᠲᠦᠯᠦᠭᠡᠯᠡᠭᠴᠢᠳ ᠬᠠᠮᠳᠤᠷᠠᠨ | ᠣᠷᠠᠨ ᠰᠠᠶᠢᠬᠠᠨ ᠤ ᠲᠤᠭᠯᠠᠯᠲᠠ ᠭᠠᠷᠭᠠᠵᠤ᠂ ᠦᠵᠡᠭᠴᠢᠳ ᠢᠶᠠᠨ ᠪᠠᠶᠠᠰᠬᠠᠵᠠᠢ᠃ ᠡᠭᠦᠨ ᠠᠴᠠ ᠭᠠᠳᠠᠨ᠎ᠠ᠂ ᠪᠦᠬᠦ | ᠠᠶᠢᠮᠠᠭ ᠤᠨ 47 ᠵᠡᠮᠳᠡᠭ ᠬᠦᠮᠦᠨ ᠤ ᠵᠤᠬᠢᠶᠠᠨ ᠪᠦᠳᠦᠭᠡᠭᠰᠡᠨ ᠣᠷᠠᠨ ᠪᠢᠴᠢᠯᠭᠡ᠂ ᠬᠢᠳᠡᠳ ᠵᠢᠷᠤᠭ᠂ ᠲᠤᠰᠤᠨ | ᠪᠣᠳᠤᠭ ᠤᠨ ᠵᠢᠷᠤᠭ᠂ ᠶᠠᠰᠣᠨ ᠰᠡᠶᠢᠯᠦᠮᠡᠯ᠂ ᠠᠷᠠᠰᠤᠨ ᠡᠳ᠋ᠯᠡᠯ ᠵᠢᠴᠢ ᠭᠠᠷ ᠣᠷᠠᠯᠠᠯ ᠤᠨ ᠴᠢᠮᠡᠭᠯᠡᠯ ᠵᠡᠷᠭᠡ ᠣᠯᠠᠨ | ᠲᠦᠷᠦᠯ ᠤᠨ 114 ᠪᠦᠳᠦᠭᠡᠯ ᠢ ᠲᠡᠯᠭᠡᠨ ᠦᠵᠡᠭᠦᠯᠵᠡᠢ᠃ ᠡᠳᠡᠭᠡᠷ ᠪᠦᠳᠦᠭᠡᠯ ᠨᠢ ᠲᠡᠳᠡᠨ ᠤ ᠭᠠᠷ ᠤᠨ ᠤᠷ᠎ᠠ ᠶᠢ | ᠬᠠᠷᠠᠭᠤᠯᠤᠭᠰᠠᠨ ᠢᠶᠠᠷ ᠪᠠᠷᠠᠬᠤ ᠦᠭᠡᠢ᠂ ᠦᠵᠡᠯ ᠰᠠᠨᠠᠭᠠᠴᠢ ᠴᠢᠨᠠᠷ᠂ ᠣᠷᠠᠯᠢᠭᠴᠢ ᠴᠢᠨᠠᠷ ᠪᠠ ᠰᠣᠨᠢᠷᠬᠠᠯᠲᠤ | ᠴᠢᠨᠠᠷ ᠢᠶᠠᠷ ᠲᠡᠭᠦᠯᠳᠡᠷ ᠪᠠᠶᠢᠵᠤ᠂ ᠵᠡᠮᠳᠡᠭᠴᠦᠳ ᠤᠨ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠬᠤ᠂ ᠪᠠᠶᠠᠰᠣᠩᠭᠤᠢ | ᠦᠭᠡᠳᠡᠷᠬᠡᠭ ᠤᠶᠤᠨ ᠰᠠᠨᠠᠭᠠᠨ ᠤ ᠲᠦᠷᠰᠦ ᠪᠠᠶᠢᠳᠠᠯ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠭᠤᠨ | ᠳᠤᠯᠠᠭᠠᠨ ᠬᠠᠶᠢᠷ᠎ᠠ ᠬᠠᠯᠠᠮᠵᠢ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃ | ᠦᠵᠡᠭᠦᠯᠦᠯᠭᠡ ᠶᠢᠨ ᠲᠢᠩᠬᠢᠮ ᠳᠠᠬᠢ ᠭᠤᠴᠦ ᠰᠠᠶᠢᠬᠠᠨ ᠪᠦᠳᠦᠭᠡᠯ ᠤᠳ ᠨᠢ ᠬᠦᠷᠦᠯᠴᠡᠨ ᠢᠷᠡᠭᠰᠡᠨ | ᠬᠠᠯᠠᠭᠤᠨ ᠰᠡᠳᠬᠢᠯᠲᠦ ᠬᠦᠮᠦᠰ ᠤᠨ ᠳᠤᠷ᠎ᠠ ᠰᠣᠨᠢᠷᠬᠠᠯ ᠢ ᠲᠠᠲᠠᠵᠤ ᠪᠠᠶᠢᠯ᠎ᠠ᠃ ᠵᠠᠷᠢᠮ ᠪᠦᠳᠦᠭᠡᠯ ᠨᠢ ᠢᠳᠡᠷᠡᠭᠦᠨ | ᠲᠤᠷᠪᠢᠯᠢᠭ ᠢᠶᠠᠷ ᠢᠶᠠᠨ ᠵᠡᠮᠳᠡᠭᠴᠦᠳ ᠤᠨ ᠡᠷᠡᠰ ᠬᠠᠳᠠᠨ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠭᠦᠯᠬᠦ ᠳᠤ | ᠵᠠᠷᠢᠮ ᠪᠦᠳᠦᠭᠡᠯ ᠨᠢ ᠪᠢᠷ ᠪᠡᠬᠡᠰ ᠤᠨ ᠰᠢᠳᠢ ᠪᠠᠷ ᠳᠤᠮᠳᠠᠳᠤ ᠤᠯᠤᠰ ᠤᠨ ᠣᠯᠠᠮᠵᠢᠯᠠᠯᠲᠤ ᠰᠤᠶᠤᠯ ᠤᠨ ᠭᠦᠨ | ᠵᠤᠵᠠᠭᠠᠨ ᠠᠭᠤᠯᠬᠤᠨ ᠢ ᠳᠤᠲᠤᠷᠠᠭᠤᠯᠤᠨᠠ᠃ ᠪᠠᠰᠠ ᠵᠠᠷᠢᠮ ᠨᠢ ᠦᠩᠭᠡ ᠪᠣᠳᠤᠭ ᠳᠡᠩᠴᠡᠨ᠂ ᠠᠮᠢᠳᠤᠷᠠᠯ ᠳᠤ | ᠰᠢᠩᠭᠡᠭᠰᠡᠨ ᠬᠠᠶᠢᠷ᠎ᠠ ᠪᠠ ᠢᠷᠡᠭᠡᠳᠦᠢ ᠶᠢᠨ ᠬᠦᠰᠡᠯ ᠮᠦᠷᠦᠭᠡᠳᠦᠯ ᠪᠢᠯᠬᠠᠮ᠎ᠠ ᠪᠠᠶᠢᠵᠤ᠂ ᠣᠷᠠᠯᠠᠯ ᠪᠦᠳᠦᠭᠡᠯ ᠤᠨ | ᠣᠷᠠᠨ ᠨᠠᠷᠢᠯᠢᠭ ᠵᠦᠢᠯᠡᠰ ᠢᠶᠠᠷ ᠲᠤᠳᠤᠭᠠᠲᠤ ᠰᠡᠳᠬᠢᠯ ᠤᠨ ᠶᠢᠷᠳᠢᠨᠴᠦ ᠪᠠᠨ ᠲᠡᠯᠭᠡᠵᠦ ᠪᠠᠶᠢᠯ᠎ᠠ᠃ ᠲᠡᠳᠡᠭᠡᠷ | ᠪᠦᠳᠦᠭᠡᠯ ᠨᠢ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠭᠡᠳᠦᠯ ᠪᠣᠯᠬᠤ ᠪᠠᠷ ᠪᠠᠷᠠᠬᠤ ᠦᠭᠡᠢ᠂ | ᠨᠡᠩ ᠴᠦ ᠰᠢᠨᠳᠠᠷᠠᠰᠢ ᠦᠭᠡᠢ᠂ ᠡᠷᠡᠯᠬᠡᠭᠯᠡᠨ ᠤᠷᠤᠭᠰᠢᠠᠯᠬᠤ ᠵᠣᠷᠢᠭ ᠰᠠᠨᠠᠭᠠᠨ ᠤ ᠬᠢᠨᠢ ᠢᠯᠡᠷᠡᠭᠦᠯᠦᠯ ᠪᠣᠯᠬᠤ ᠶᠤᠮ᠃ | ᠲᠡᠷᠡ ᠪᠦᠬᠦᠨ ᠢ ᠰᠣᠨᠢᠷᠬᠠᠭᠰᠠᠨ ᠣᠯᠠᠨ ᠲᠦᠮᠡᠨ ᠴᠦ᠂ ᠡᠳᠡᠭᠡᠷ ᠵᠡᠮᠳᠡᠭ ᠬᠦᠮᠦᠰ ᠤᠨ ᠵᠤᠬᠢᠶᠠᠨ | ᠪᠦᠳᠦᠭᠡᠭᠰᠡᠨ ᠣᠷᠠᠨ ᠪᠢᠴᠢᠯᠭᠡ ᠣᠷᠠᠨ ᠵᠢᠷᠤᠭ᠂ ᠭᠠᠷ ᠣᠷᠠᠯᠠᠯ ᠤᠨ ᠪᠦᠳᠦᠭᠡᠯ ᠨᠢ ᠵᠡᠮᠳᠡᠭᠴᠦᠳ ᠤᠨ | ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠬᠤ᠂ ᠢᠳᠡᠪᠬᠢᠲᠡᠢ ᠪᠠᠷ ᠦᠭᠡᠳᠡᠯᠡᠨ ᠳᠠᠪᠰᠢᠬᠤ ᠲᠡᠮᠡᠴᠡᠯ ᠤᠨ ᠵᠤᠷᠢᠭ | ᠰᠠᠨᠠᠭ᠎ᠠ ᠶᠢ ᠮᠡᠳᠡᠷᠡᠭᠦᠯᠦᠯ᠎ᠡ ᠬᠡᠮᠡᠨ ᠢᠯᠡᠷᠬᠡᠶᠢᠯᠡᠵᠡᠭᠡᠪᠡ᠃ ᠡᠷᠡᠰ ᠬᠠᠳᠠᠨ ᠰᠦᠰᠦ ᠵᠣᠷᠢᠭ ᠪᠠ ᠨᠤᠭᠤᠷᠠᠰᠢ ᠦᠭᠡᠢ | ᠵᠣᠷᠢᠭ ᠰᠠᠨᠠᠭ᠎ᠠ ᠲᠠᠢ ᠯᠡ ᠶᠤᠮ ᠪᠣᠯ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠪᠡᠷ ᠤᠨ ᠭᠡᠰᠡᠨ | ᠭᠤᠶᠢᠳᠠ ᠰᠠᠶᠢᠬᠠᠨ ᠠᠮᠢᠳᠤᠷᠠᠯ ᠢᠶᠠᠨ ᠴᠤᠭᠴᠠᠯᠠᠵᠤ ᠴᠢᠳᠠᠨ᠎ᠠ ᠭᠡᠳᠡᠭ ᠢ ᠲᠡᠳᠡ ᠪᠤᠳᠠᠳᠤ ᠠᠵᠢᠯᠯᠠᠭ᠎ᠠ ᠪᠠᠷ ᠢᠶᠠᠨ | ᠭᠡᠷᠡᠴᠢᠯᠡᠵᠦ᠂ ᠰᠤᠷᠤᠯᠴᠠᠬᠤ ᠦᠯᠢᠭᠡᠷ ᠲᠠᠭᠤᠷᠢᠶᠠᠯ ᠪᠣᠯᠣᠭᠰᠠᠨ ᠢᠶᠠᠷ ᠪᠠᠷᠠᠬᠤ ᠦᠭᠡᠢ᠂ ᠨᠡᠩ ᠴᠦ ᠨᠡᠶᠢᠭᠡᠮ ᠤᠨ | ᠳᠠᠪᠰᠢᠯᠲᠠ ᠶᠢᠨ ᠠᠬᠢᠭᠤᠯᠤᠭᠴᠢ ᠪᠠ ᠢᠳᠡᠪᠬᠢ ᠬᠦᠴᠦᠨ ᠤ ᠣᠯᠠᠮᠵᠢᠯᠠᠭᠴᠢ ᠪᠤᠯᠤᠭᠰᠠᠨ ᠪᠠᠶᠢᠨ᠎ᠠ᠃ | ᠡᠨᠡ ᠣᠳᠠᠭᠠᠨ ᠤ ︽ᠶᠡᠭᠡ ᠬᠠᠶᠢᠷ᠎ᠠ ᠶᠢᠨ ᠣᠮᠠᠷᠠᠲᠤ ᠬᠢᠯᠢ᠂ ᠳᠠᠩᠰᠤᠭ ᠠᠮᠢᠳᠤᠷᠠᠯ︾ ᠪᠦᠬᠦ ᠠᠶᠢᠮᠠᠭ ᠤᠨ | ᠵᠡᠮᠳᠡᠭᠴᠦᠳ ᠤᠨ ᠣᠷᠠᠯᠢᠭ ᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠨᠢ ᠵᠡᠮᠳᠡᠭᠴᠦᠳ ᠲᠤ ᠦᠪᠡᠷ ᠢ ᠪᠠᠨ | ᠬᠠᠷᠠᠭᠤᠯᠬᠤ᠂ ᠰᠤᠷᠤᠯᠴᠠᠨ ᠰᠣᠯᠢᠯᠴᠠᠬᠤ ᠳᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠵᠡᠮᠳᠡᠭᠴᠦᠳ ᠤᠨ ᠲᠤᠬᠠᠢ ᠣᠶᠢᠯᠠᠭᠠᠯᠲᠠ ᠲᠠᠨᠢᠯᠲᠠ ᠶᠢ ᠨᠡᠩ ᠭᠦᠨᠵᠡᠭᠡᠢ ᠪᠣᠯᠭᠠᠵᠠᠢ᠃ | ᠢᠷᠡᠭᠡᠳᠦᠢ ᠳᠤ᠂ ᠨᠡᠩ ᠣᠯᠠᠨ ᠬᠦᠮᠦᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠡᠩᠨᠡᠭᠡᠨ ᠳᠤ ᠤᠷᠤᠵᠤ᠂ ᠨᠡᠩ | ᠡᠶ᠎ᠡ ᠵᠤᠬᠢᠴᠠᠩᠭᠤᠢ᠂ ᠪᠠᠭᠲᠠᠭᠠᠮᠵᠢᠲᠠᠢ ᠨᠡᠶᠢᠭᠡᠮ ᠢ ᠬᠠᠮᠳᠤᠪᠠᠷ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ | ᠭᠡᠳᠡᠭ ᠲᠤ ᠢᠲᠡᠭᠡᠯ ᠲᠡᠭᠦᠯᠳᠡᠷ ᠪᠠᠶᠢᠨ᠎ᠠ᠃ |