11 ᠳᠠᠬᠢ ᠳᠤᠮᠳᠠᠳᠤ ᠤᠯᠤᠰ ᠤᠨ ᠣᠳᠬ᠎ᠠ ᠣᠷᠠᠯᠢᠭ ᠤᠨ ᠰᠠᠶᠢᠨ ᠳᠤᠷᠠᠴᠣᠣᠯ ᠤᠨ ᠦᠢᠯᠡᠴᠢᠯᠡᠭᠡᠨ ᠤ ᠡᠳᠦᠷ | ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 22 ᠤᠨ ᠡᠳᠦᠷ᠂ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ | ᠣᠳᠬ᠎ᠠ ᠣᠷᠠᠯᠢᠭ ᠤᠨ ᠦᠨᠳᠦᠰᠦᠨ ᠱᠠᠳᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠳᠡᠮᠵᠢᠬᠦ | ᠠᠵᠢᠯᠯᠠᠭ᠎ᠠ- ︽ᠮᠠᠨ ᠤ ᠰᠠᠶᠢᠨ ᠰᠠᠶᠢᠬᠠᠨ ᠠᠮᠢᠳᠤᠷᠠᠯ︾ ᠰᠢᠨ᠎ᠡ ᠴᠠᠭ ᠥᠶ᠎ᠡ ᠶᠢᠨ ᠪᠣᠯᠪᠠᠰᠣᠨ ᠤ | ᠦᠢᠯᠡᠳᠦᠯᠭᠡ ᠶᠢᠨ ᠣᠳᠬ᠎ᠠ ᠣᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠠᠪᠠᠭ᠎ᠠ | ᠬᠤᠰᠢᠭᠤᠨ ᠤ ᠨᠠᠰᠤᠲᠠᠶᠢᠴᠤᠳ ᠤᠨ ᠬᠦᠳᠡᠯᠭᠡᠭᠡᠨ ᠤ ᠲᠦᠪ ᠲᠤ ᠶᠠᠪᠤᠭᠳᠠᠨ᠂ ᠰᠠᠭᠤᠭᠠᠯᠢ ᠠᠷᠠᠳ ᠲᠤ ᠡᠯᠪᠡᠭ | ᠪᠠᠶᠠᠯᠢᠭ ᠤᠶᠤᠨ ᠤ ᠰᠢᠮ᠎ᠡ ᠬᠦᠷᠲᠡᠭᠡᠵᠡᠢ᠃ | ᠣᠶᠠᠩᠭ᠎ᠠ ᠲᠠᠭᠤᠤ᠂ ᠣᠷᠠᠨ ᠪᠦᠵᠢᠭ᠂ ᠤᠷᠲᠤ ᠶᠢᠨ ᠲᠠᠭᠤᠤ᠂ ᠮᠤᠷᠢᠨ ᠬᠤᠭᠤᠷ᠂᠂᠂᠂ ᠵᠡᠷᠭᠡ ᠰᠠᠶᠢᠨ | ᠳᠤᠷᠠᠴᠤᠣᠯ ᠤᠨ ᠣᠷᠬᠢᠯᠦᠮ᠎ᠡ ᠬᠠᠯᠠᠭᠤᠨ ᠰᠡᠳᠬᠢᠯᠭᠡ ᠬᠢᠭᠡᠳ ᠣᠷᠠᠯᠢᠭ ᠤᠨ ᠠᠪᠢᠶᠠᠰ ᠲᠤᠳᠤᠷᠠᠭᠤᠯᠤᠭᠰᠠᠨ | ᠲᠤᠭᠯᠠᠯᠲᠠ ᠨᠢ ᠦᠵᠡᠭᠴᠢᠳ ᠢ ᠬᠦᠭᠵᠢᠭᠡᠨ᠂ ᠠᠯᠠᠭ᠎ᠠ ᠲᠠᠰᠢᠯᠲᠠ ᠶᠢᠨ ᠲᠠᠭᠤᠨ ᠥᠶ᠎ᠡ ᠥᠶ᠎ᠡ ᠨᠢᠵᠢᠬᠢᠨᠡᠵᠦ | ᠪᠠᠶᠢᠯ᠎ᠠ᠃ | ᠣᠶᠢᠯᠠᠭᠠᠭᠰᠠᠨ ᠢᠶᠠᠷ᠂ ᠲᠤᠰ ᠣᠳᠠᠭᠠᠨ ᠤ ᠠᠵᠢᠯᠯᠠᠭ᠎ᠠ ᠨᠢ ᠰᠢᠯᠢ ᠶᠢᠨ ᠭᠤᠣᠯ ᠠᠶᠢᠮᠠᠭ ᠤᠨ ᠨᠠᠮ ᠤᠨ | ᠬᠤᠷᠢᠶᠠᠨ ᠤ ᠣᠬᠠᠭᠤᠯᠬᠤ ᠬᠡᠯᠲᠡᠰ᠂ ᠰᠢᠯᠢ ᠶᠢᠨ ᠭᠤᠣᠯ ᠠᠶᠢᠮᠠᠭ ᠤᠨ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ | ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠬᠤᠰᠢᠭᠤ ᠣᠳᠬ᠎ᠠ ᠣᠷᠠᠯᠢᠭ ᠤᠨ ᠬᠢᠨ ᠬᠤᠯᠪᠤᠭ᠎ᠠ ᠵᠡᠷᠭᠡ | ᠰᠠᠯᠠᠭ᠎ᠠ ᠮᠦᠴᠢᠷ ᠬᠠᠮᠳᠤᠷᠠᠨ ᠡᠷᠬᠢᠯᠡᠵᠦ᠂ ᠣᠳᠬ᠎ᠠ ᠣᠷᠠᠯᠢᠭ ᠤᠨ ᠬᠡᠯᠪᠡᠷᠢ ᠪᠠᠷ ᠦᠨᠳᠦᠰᠦᠨ ᠱᠠᠳᠤᠨ ᠤ ᠤᠶᠤᠨ ᠤ | ᠪᠣᠯᠪᠠᠰᠣᠨ ᠤ ᠪᠠᠶᠢᠭᠤᠯᠤᠯᠲᠠ ᠳᠤ ᠬᠦᠴᠦ ᠨᠡᠮᠡᠷᠢᠯᠡᠵᠦ᠂ ᠲᠠᠭᠤᠤ᠂ ᠪᠦᠵᠢᠭ ᠵᠡᠷᠭᠡ ᠠᠷᠠᠳ ᠢ ᠪᠠᠶᠠᠰᠬᠠᠬᠤ ᠣᠷᠠᠨ | ᠰᠠᠶᠢᠬᠠᠨ ᠤ ᠲᠤᠭᠯᠠᠯᠲᠠ ᠦᠷᠨᠢᠭᠦᠯᠦᠭᠰᠡᠨ ᠢᠶᠠᠷ ᠪᠠᠷᠠᠬᠤ ᠦᠭᠡᠢ ᠨᠤᠮ ᠰᠡᠳᠭᠦᠯ᠂ ᠭᠡᠷᠡᠯ ᠵᠢᠷᠤᠭ᠂ ᠣᠷᠠᠨ | ᠪᠢᠴᠢᠯᠭᠡ ᠶᠢᠨ ᠪᠦᠳᠦᠭᠡᠯ ᠢ ᠬᠠᠨᠳᠢᠪᠯᠠᠬᠤ ᠶᠤᠰᠤᠯᠠᠯ ᠶᠠᠪᠤᠭᠤᠯᠵᠠᠢ᠃ | ᠠᠵᠢᠯᠯᠠᠭ᠎ᠠ ᠪᠠᠷ᠂ ᠳᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ᠤᠯᠤᠰ ᠤᠨ | ᠨᠢᠭᠡᠳᠦᠭᠡᠷ ᠲᠡᠰ ᠤᠨ ᠵᠤᠬᠢᠶᠠᠯᠴᠢ ᠫᠤ· ᠴᠤᠬᠳᠤᠨᠠᠷᠠᠨ ︽ᠣᠷᠠᠨ ᠵᠤᠬᠢᠶᠠᠯ ᠤᠨ ᠪᠦᠳᠦᠭᠡᠯᠭᠡ ᠶᠢᠨ ᠦᠪᠡᠷᠮᠢᠴᠡ | ᠲᠦᠷᠰᠦᠯᠡᠯ ᠵᠢᠴᠢ ᠦᠢᠯᠡ ᠶᠠᠪᠤᠳᠠᠯ ᠤᠨ ᠨᠠᠷᠢᠨ ᠵᠢᠷᠤᠭᠯᠠᠯ ᠤᠨ ᠲᠤᠬᠠᠢ ᠲᠦᠭᠦᠮ ᠲᠠᠶᠢᠯᠦᠯ︾ ᠭᠡᠬᠦ ᠰᠡᠳᠦᠪ ᠢᠶᠠᠷ | ᠣᠷᠠᠨ ᠵᠤᠬᠢᠶᠠᠯ ᠤᠨ ᠲᠠᠶᠢᠯᠦᠮᠵᠢ ᠬᠢᠵᠡᠢ᠃ ᠡᠭᠦᠨ ᠤ ᠵᠡᠷᠭᠡ ᠳᠤ᠂ ᠲᠤᠰ ᠠᠵᠢᠯᠯᠠᠭ᠎ᠠ ᠳᠤ ᠪᠠᠰᠠ ᠠᠶᠢᠮᠠᠭ ᠤᠨ | ᠲᠡᠰ ᠤᠨ ᠣᠳᠬ᠎ᠠ ᠣᠷᠠᠯᠢᠭ ᠤᠨ ᠨᠡᠷᠡᠲᠦ ᠬᠦᠮᠦᠰ ᠢ ᠨᠢᠮᠪᠠᠢ ᠰᠣᠩᠭᠤᠨ ᠲᠤᠮᠢᠯᠠᠵᠤ᠂ ᠳᠤᠰᠬᠠᠢ ᠮᠡᠷᠭᠡᠵᠢᠯ ᠤᠨ | ᠵᠢᠯᠤᠭᠤᠳᠤᠯᠭ᠎ᠠ ᠬᠢᠯᠭᠡᠵᠦ ᠲᠤᠭᠯᠠᠯᠲᠠ ᠳᠤ ᠳᠤᠰᠠᠯᠠᠭᠤᠯᠤᠨ᠂ ᠠᠪᠠᠭ᠎ᠠ ᠬᠤᠰᠢᠭᠤ ᠲᠠᠢ ᠬᠠᠪᠰᠤᠷᠤᠨ ᠳᠡᠳᠭᠦᠵᠦ | ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤᠭᠲᠠᠵᠤ᠂ ᠰᠠᠭᠤᠷᠢ ᠶᠢ ᠪᠠᠳᠤᠳᠬᠠᠵᠤ ᠦᠨᠳᠦᠰᠦ ᠶᠢ ᠪᠠᠬᠢᠵᠢᠭᠦᠯᠬᠦ᠂ | ᠦᠨᠳᠦᠰᠦᠨ ᠱᠠᠳᠤᠨ ᠤ ᠤᠶᠤᠨ ᠤ ᠪᠣᠯᠪᠠᠰᠣᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠡᠢ᠃ |