ᠨᠠᠷᠠᠨᠪᠤᠯᠠᠭ ᠰᠤᠮᠤ ︽ᠢᠷᠡᠭᠡᠳᠦᠶ ᠶᠢᠨ ᠢᠨᠵᠧᠨᠧᠷᠢᠩ ᠢ ᠥᠷᠭᠡᠳᠬᠡᠬᠦ ᠬᠦᠰᠡᠯ ᠡᠷᠡᠮᠡᠯᠵᠡᠯ︾᠎ ᠤᠨ ᠭᠤᠤᠯ ᠰᠡᠳᠦᠪᠲᠦ ᠶᠠᠷᠢᠯᠴᠠᠬᠤ ᠬᠤᠷᠠᠯ ᠵᠢᠴᠢ ᠬᠠᠮᠤᠭ ᠤᠨ ᠭᠤᠶᠣ ︽ᠲᠠᠪᠤᠨ ᠠᠬᠠᠮᠠᠳ︾᠎ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/5/6
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠤᠮᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠨᠢᠭᠲᠠᠷᠠᠯ ᠤᠨ ᠬᠦᠴᠦᠨ ᠪᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 24᠎ ᠤ ᠡᠳᠦᠷ᠂ ᠨᠠᠷᠠᠨᠪᠤᠯᠠᠭ ᠰᠤᠮᠤ ︽ᠢᠷᠡᠭᠡᠳᠦᠶ ᠶᠢᠨ ᠢᠨᠵᠧᠨᠧᠷᠢᠩ ᠢ  ᠥᠷᠭᠡᠳᠬᠡᠬᠦ ᠬᠦᠰᠡᠯ ᠢ ᠬᠠᠯᠠᠮᠵᠢᠯᠠᠬᠤ︾ ᠭᠤᠤᠯ ᠰᠡᠳᠦᠪᠲᠦ ᠶᠠᠷᠢᠯᠴᠠᠬᠤ ᠬᠤᠷᠠᠯ ᠵᠢᠴᠢ ᠬᠠᠮᠤᠭ ᠤᠨ ᠭᠤᠶᠣ ︽ᠲᠠᠪᠤᠨ  ᠠᠬᠠᠮᠠᠳ︾᠎ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠡᠷᠭᠢᠯᠡᠪᠡ᠃ ᠰᠤᠮᠤᠨ ᠤ ᠪᠣᠭᠤᠮᠲᠠ ᠶᠢᠨ ᠠᠵᠢᠯ ᠤᠨ ᠵᠥᠪᠯᠡᠯ᠂ ᠬᠢᠯᠢ ᠶᠢᠨ ᠬᠠᠮᠠᠭᠠᠯᠠᠯᠲᠠ ᠶᠢᠨ ᠰᠠᠯᠪᠤᠷᠢ᠂ ᠰᠤᠮᠤᠨ ᠤ ᠬᠡᠦᠬᠡᠳ ᠤᠨ ᠴᠡᠴᠡᠷᠯᠢᠭ᠂ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠨᠠᠷᠠᠨᠪᠣᠯᠠᠭ ᠰᠠᠯᠪᠤᠷᠢ ᠪᠠᠩᠬᠢ᠂ ᠭᠠᠴᠠᠭᠠᠨ ᠤ ︽ᠬᠤᠶᠠᠷ ᠵᠥᠪᠯᠡᠯ︾᠎ ᠤᠨ ᠲᠥᠯᠥᠭᠡᠯᠡᠭᠴᠢ ᠪᠠ ︽ᠲᠠᠪᠤᠨ ᠠᠬᠠᠮᠠᠳ︾ ᠨᠡᠶᠢᠳᠡ 40 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃      ᠡᠩ ᠲᠡᠷᠢᠭᠦᠨ ᠳᠤ᠂ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠡᠯ᠎ᠡ ᠭᠠᠴᠠᠭᠠᠨ ᠤ ︽ᠲᠠᠪᠤᠨ ᠠᠬᠠᠮᠠᠳ︾᠎ ᠢ ᠤᠷᠢᠵᠤ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠣᠮᠣᠨ ᠤ ᠴᠢᠨᠠᠷ ᠰᠠᠶᠢᠲᠠᠶ ᠬᠥᠭᠵᠢᠯᠲᠡ ᠶᠢᠨ ᠳᠠᠪᠠᠭᠤᠯᠢᠭ᠂ ᠵᠥᠷᠢᠶ᠎ᠡ ᠪᠠ ᠠᠷᠭᠠᠴᠠᠬᠤ ᠪᠣᠳᠣᠯᠭ᠎ᠠ ᠶᠢ ᠣᠨᠣᠪᠴᠢᠲᠠᠶ ᠡᠷᠢᠵᠦ᠂ ᠰᠣᠮᠣᠨ ᠤ ᠡᠯ᠎ᠡ ᠵᠦᠢᠯ ᠤᠨ ᠠᠵᠢᠯ ᠢ ᠠᠬᠢᠭᠤᠯᠬᠤ ᠳᠤ ᠰᠠᠨᠠᠯ ᠰᠠᠨᠠᠭᠤᠯᠭ᠎ᠠ ᠳᠤᠷᠠᠳᠪᠠ᠃ ︽ᠲᠠᠪᠤᠨ ᠠᠬᠠᠮᠠᠳ︾ ᠰᠣᠮᠣᠨ ᠤ ᠣᠳᠣᠬᠢ ᠪᠠᠶᠢᠳᠠᠯ ᠳᠤ ᠰᠠᠭᠤᠷᠢᠯᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠮᠠᠯ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠠᠴᠠ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠨᠡᠶᠢᠲᠡ 12 ᠵᠤᠷᠪᠤᠰ ᠰᠠᠨᠠᠯ ᠰᠠᠨᠠᠭᠤᠯᠭ᠎ᠠ ᠳᠤᠷᠠᠳᠪᠠ᠃      ᠳᠠᠷᠠᠭ᠎ᠠ ᠨᠢ᠂ ᠬᠠᠮᠤᠭ ᠤᠨ ᠭᠤᠶᠣ ︽ᠲᠠᠪᠤᠨ ᠠᠬᠠᠮᠠᠳ︾᠎ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠪᠡ᠃ ᠰᠤᠮᠤᠨ ᠤ ᠬᠡᠦᠬᠡᠳ ᠤᠨ ᠴᠡᠴᠡᠷᠯᠢᠭ ᠤᠨ ᠪᠠᠭᠠᠴᠤᠳ ᠬᠡᠣᠭᠡᠳ ᠢ ᠤᠷᠢᠵᠤ ᠬᠤᠷᠠᠯ ᠳᠤ ᠣᠷᠣᠯᠴᠠᠭᠰᠠᠨ ︽ᠲᠠᠪᠤᠨ ᠠᠬᠠᠮᠠᠳ︾᠎ ᠲᠤ ᠴᠡᠴᠡᠭ ᠬᠦᠷᠭᠡᠵᠦ᠂ ᠣᠶᠢᠷ᠎ᠠ ᠶᠢᠨ ᠵᠢᠯ ᠤᠳ ᠲᠤ ᠰᠤᠮᠤᠨ ᠤ ᠠᠵᠢᠯ ᠢ ᠠᠬᠢᠭᠤᠯᠬᠤ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ 12 ᠠᠵᠢᠯᠲᠠᠨ ᠢ ︽ᠬᠥᠮᠦᠨ ᠢ ᠬᠥᠮᠦᠵᠢᠭᠦᠯᠬᠦ ᠵᠢᠱᠢᠶᠡᠴᠢ ᠲᠡᠷᠢᠭᠦᠨ ᠤ ᠬᠤᠪᠢ ᠬᠥᠮᠦᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ ᠠᠵᠢᠯᠲᠠᠨ︾᠎ ᠢ ᠬᠥᠬᠢᠭᠦᠯᠦᠨ ᠰᠠᠶᠢᠰᠢᠶᠠᠪᠠ᠃ ᠨᠠᠷᠠᠨᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠪᠣᠯᠣᠳ ᠰᠤᠮᠤᠨ ᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠠᠵᠢᠯ ᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠷᠭᠡᠨ ᠣᠯᠠᠨ ︽ᠲᠠᠪᠤᠨ ᠠᠬᠠᠮᠠᠳ︾᠎ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠵᠤ᠂ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠳᠣᠪᠤᠶᠢᠯᠭᠠᠨ᠂ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠨᠠᠩ ᠶᠡᠭᠡ ᠡᠷᠴᠢᠮ ᠢᠶᠠᠷ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠵᠤ᠂ ᠰᠤᠮᠤᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠣᠷᠢᠭᠵᠢᠭᠤᠯᠪᠠ᠃      ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ᠂ ᠦᠵᠡᠯᠲᠡ ᠲᠠᠢ᠂ ᠰᠡᠳᠬᠢᠴᠡ ᠲᠠᠢ᠂ ᠠᠷᠭ᠎ᠠ ᠬᠡᠮᠵᠢᠶ᠎ᠡ ᠲᠠᠢ ᠪᠠᠶᠢᠵᠤ᠂ ︽ᠲᠠᠪᠤᠨ ᠠᠬᠠᠮᠠᠳ︾᠎ ᠤᠨ ᠲᠤᠷᠰᠢᠯᠭ᠎ᠠ ᠶᠢᠨ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠠᠬᠠᠮᠠᠳ ᠨᠥᠬᠦᠳ ᠤᠨ ᠣᠷᠣᠨ ᠨᠤᠲᠤᠭ ᠤᠨ ᠬᠥᠭᠵᠢᠯᠲᠡ ᠳᠤ ᠣᠷᠣᠯᠴᠠᠭᠰᠠᠨ ᠡᠵᠡᠨ ᠬᠥᠮᠦᠨ ᠤ ᠦᠵᠡᠯ ᠤᠬᠠᠮᠰᠠᠷ ᠵᠢᠴᠢ ︽ᠲᠠᠪᠤᠨ ᠶᠡᠭᠡ ᠡᠭᠦᠷᠭᠡ︾᠎ ᠶᠢ ᠰᠠᠶᠢᠲᠤᠷ ᠬᠢᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠰᠣᠮᠣᠨ ᠤ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠣᠶᠤᠨ ᠤᠬᠠᠭᠠᠨ ᠪᠠ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号