4 ᠰᠠᠷ᠎ᠠ ᠶᠢᠨ 28 ᠤ ᠡᠳᠦᠷ᠂ ᠠᠪᠠᠭ᠎ᠠ ᠬᠤᠰᠢᠭᠤᠨ ᠤ ︽ᠪᠦᠯᠬᠦᠮᠳᠡᠯ ᠢ ᠠᠬᠢᠭᠤᠯᠵᠤ ᠨᠠᠰᠤᠲᠠᠶᠢᠴᠤᠳ ᠲᠤ | ᠵᠢᠷᠭᠠᠯ ᠡᠳ᠋ᠯᠡᠭᠦᠯᠬᠦ︾ ᠲᠠᠪᠤᠨ ᠰᠠᠷ᠎ᠠ ᠶᠢᠨ ᠨᠢᠭᠡᠨ ᠢ ᠤᠭᠲᠤᠬᠤ ᠰᠢᠷᠢᠰ ᠤᠷᠤᠯᠳᠤᠭᠠᠨ ᠤ ᠡᠬᠢᠯᠡᠯᠲᠡ ᠶᠢᠨ ᠶᠣᠰᠣᠯᠠᠯ | ᠬᠤᠰᠢᠭᠤ ᠨᠠᠰᠤᠲᠠᠶᠢᠴᠤᠳ ᠤᠨ ᠠᠵᠢᠯᠯᠠᠭᠠᠨ ᠤ ᠲᠥᠪ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ | ᠠᠬᠠᠮᠠᠳ ᠺᠠᠳ᠋ᠷᠴᠤᠳ ᠤᠨ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠣᠷᠣᠯᠴᠠᠪᠠ᠃ ᠪᠥᠬᠦ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠠᠴᠠ ᠢᠷᠡᠭᠰᠡᠨ | ᠨᠠᠰᠤᠲᠠᠶᠢᠴᠤᠳ᠂ ᠬᠢᠨᠠᠭᠴᠢ ᠨᠡᠶᠢᠲᠡ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠤᠷᠤᠯᠳᠤᠭᠠᠨ ᠢ ᠬᠤᠰᠢᠭᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ | ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠠᠬᠠᠮᠠᠳ ᠺᠠᠳ᠋ᠷᠴᠤᠳ ᠤᠨ ᠠᠵᠢᠯᠯᠠᠭᠠᠨ ᠤ | ᠲᠥᠪ ᠬᠠᠮᠲᠤᠷᠠᠨ ᠡᠷᠭᠢᠯᠡᠪᠡ᠃ ᠤᠷᠤᠯᠳᠤᠭᠠᠨ ᠨᠢ 4 ᠰᠠᠷ᠎ᠠ ᠶᠢᠨ 28 ᠤ ᠡᠳᠦᠷ ᠠᠴᠠ 4 ᠰᠠᠷ᠎ᠠ ᠶᠢᠨ 30 ᠤ | ᠡᠳᠦᠷ ᠪᠣᠯᠲᠠᠯ᠎ᠠ ᠭᠤᠷᠪᠠᠨ ᠡᠳᠦᠷ ᠶᠠᠪᠤᠭᠳᠠᠨ᠎ᠠ᠃ ᠡᠭᠦᠳᠡᠨ ᠪᠥᠮᠪᠦᠭᠡ᠂ ᠴᠢᠴᠢᠭᠦᠷ ᠪᠥᠮᠪᠦᠭᠡ᠂ ᠮᠠᠵᠢᠶᠠᠩ ᠫᠢᠩᠫᠠᠩ | ᠪᠦᠮᠪᠦᠭᠡ ᠵᠡᠷᠭᠡ ᠳᠥᠷᠪᠡᠨ ᠤᠷᠤᠯᠳᠤᠭᠠᠨ ᠤ ᠲᠥᠷᠥᠯ ᠵᠦᠢᠯ ᠢ ᠳᠤᠬᠢᠷᠠᠭᠤᠯᠪᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠨᠠᠰᠤᠲᠠᠶᠢᠴᠤᠳ ᠤᠨ ᠡᠷᠡᠭᠦᠯ ᠴᠢᠬᠢᠷᠠᠭ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠵᠣᠷᠢᠯᠭ᠎ᠠ | ᠪᠣᠯᠭᠠᠵᠤ᠂ ᠠᠬᠠᠮᠠᠳ ᠺᠠᠳ᠋ᠷᠴᠤᠳ ᠤᠨ ᠠᠵᠢᠯ ᠤᠨ ᠡᠭᠦᠷᠭᠡ ᠴᠢᠳᠠᠪᠬᠢ ᠳᠤ ᠰᠠᠭᠤᠷᠢᠯᠠᠨ᠂ ᠴᠢᠳᠠᠪᠤᠷᠢᠲᠠᠨ ᠤ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠠᠬᠠᠮᠠᠳ ᠨᠥᠬᠦᠳ ᠤᠨ ᠤᠯᠤᠰ ᠲᠥᠷᠥ ᠶᠢᠨ ᠳᠠᠪᠠᠭᠤᠯᠢᠭ᠂ ᠲᠤᠷᠰᠢᠯᠭ᠎ᠠ ᠶᠢᠨ | ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠪᠠ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ︽ᠵᠢᠷᠭᠤᠭᠠᠨ ᠰᠠᠶᠢᠨ︾ ᠵᠢᠱᠢᠶ᠎ᠡ ᠦᠵᠡᠭᠦᠯᠬᠦ ᠨᠠᠮ ᠤᠨ ᠡᠭᠦᠷ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠶᠡᠬᠡᠪᠡᠷ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠷᠠᠭᠤᠯᠤᠨ᠂ ᠪᠥᠬᠦ ᠬᠤᠰᠢᠭᠤᠨ ᠤ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠨᠴᠠᠯᠢᠭᠳᠤ | ᠨᠠᠰᠤᠲᠠᠶᠢᠴᠤᠳ ᠤᠨ ᠰᠣᠶᠣᠯ ᠤᠨ ᠨᠠᠷᠠᠲᠤ ᠲᠡᠮᠳᠡᠭᠲᠦ ᠶᠢ ᠢᠳᠡᠪᠬᠢᠲᠡᠶ ᠡᠭᠦᠳᠴᠦ᠂ ᠠᠵᠢᠯᠯᠠᠭᠠᠨ ᠤ ᠠᠭᠤᠯᠭ᠎ᠠ ᠶᠢ | ᠲᠠᠰᠤᠷᠠᠯᠲᠠ ᠥᠬᠡᠶ ᠪᠠᠶᠠᠯᠢᠭᠵᠢᠭᠤᠯᠤᠨ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠲᠠᠯ᠎ᠠ ᠠᠴᠠ | ᠠᠬᠠᠮᠠᠳ ᠺᠠᠳ᠋ᠷᠴᠤᠳ ᠤᠨ ᠣᠶᠤᠨ ᠰᠠᠨᠠᠭ᠎ᠠ ᠰᠣᠶᠣᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ |