ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠰᠤᠮᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠨᠢᠭᠲᠠᠷᠠᠯ ᠤᠨ ᠬᠦᠴᠦᠨ ᠪᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ 4 ᠰᠠᠷ᠎ᠠ ᠶᠢᠨ 24 ᠤ ᠡᠳᠦᠷ᠂ ᠨᠠᠷᠠᠨᠪᠤᠯᠠᠭ ᠰᠤᠮᠤ ︽ᠢᠷᠡᠭᠡᠳᠦᠶ ᠶᠢᠨ ᠢᠨᠵᠧᠨᠧᠷᠢᠩ ᠢ ᠥᠷᠭᠡᠳᠬᠡᠬᠦ | ᠬᠦᠰᠡᠯ ᠢ ᠬᠠᠯᠠᠮᠵᠢᠯᠠᠬᠤ︾ ᠭᠤᠤᠯ ᠰᠡᠳᠦᠪᠲᠦ ᠶᠠᠷᠢᠯᠴᠠᠬᠤ ᠬᠤᠷᠠᠯ ᠵᠢᠴᠢ ᠬᠠᠮᠤᠭ ᠤᠨ ᠭᠤᠶᠣ ︽ᠲᠠᠪᠤᠨ | ᠠᠬᠠᠮᠠᠳ︾ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠡᠷᠭᠢᠯᠡᠪᠡ᠃ ᠰᠤᠮᠤᠨ ᠤ ᠪᠣᠭᠤᠮᠲᠠ ᠶᠢᠨ ᠠᠵᠢᠯ ᠤᠨ | ᠵᠥᠪᠯᠡᠯ᠂ ᠬᠢᠯᠢ ᠶᠢᠨ ᠬᠠᠮᠠᠭᠠᠯᠠᠯᠲᠠ ᠶᠢᠨ ᠰᠠᠯᠪᠤᠷᠢ᠂ ᠰᠤᠮᠤᠨ ᠤ ᠬᠡᠦᠬᠡᠳ ᠤᠨ ᠴᠡᠴᠡᠷᠯᠢᠭ᠂ ᠭᠤᠣᠯ ᠡᠷᠡᠭᠦᠯ | ᠬᠠᠮᠠᠭᠠᠯᠠᠯ ᠤᠨ ᠬᠤᠷᠢᠶ᠎ᠠ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠨᠠᠷᠠᠨᠪᠣᠯᠠᠭ ᠰᠠᠯᠪᠤᠷᠢ ᠪᠠᠩᠬᠢ᠂ | ᠭᠠᠴᠠᠭᠠᠨ ᠤ ︽ᠬᠤᠶᠠᠷ ᠵᠥᠪᠯᠡᠯ︾ ᠤᠨ ᠲᠥᠯᠥᠭᠡᠯᠡᠭᠴᠢ ᠪᠠ ︽ᠲᠠᠪᠤᠨ ᠠᠬᠠᠮᠠᠳ︾ ᠨᠡᠶᠢᠳᠡ 40 ᠭᠠᠷᠤᠢ | ᠬᠥᠮᠦᠨ ᠠᠵᠢᠯᠯᠠᠭ᠎ᠠ ᠳᠤ ᠣᠷᠣᠯᠴᠠᠪᠠ᠃ | ᠡᠩ ᠲᠡᠷᠢᠭᠦᠨ ᠳᠤ᠂ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠡᠯ᠎ᠡ ᠭᠠᠴᠠᠭᠠᠨ ᠤ ︽ᠲᠠᠪᠤᠨ | ᠠᠬᠠᠮᠠᠳ︾ ᠢ ᠤᠷᠢᠵᠤ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ | ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠲᠠᠯ᠎ᠠ ᠪᠠᠷ ᠰᠠᠶᠢᠲᠤᠷ | ᠨᠠᠶᠢᠳᠠᠪᠤᠷᠢᠵᠢᠭᠤᠯᠵᠤ᠂ ᠰᠣᠮᠣᠨ ᠤ ᠴᠢᠨᠠᠷ ᠰᠠᠶᠢᠲᠠᠶ ᠬᠥᠭᠵᠢᠯᠲᠡ ᠶᠢᠨ ᠳᠠᠪᠠᠭᠤᠯᠢᠭ᠂ ᠵᠥᠷᠢᠶ᠎ᠡ ᠪᠠ ᠠᠷᠭᠠᠴᠠᠬᠤ | ᠪᠣᠳᠣᠯᠭ᠎ᠠ ᠶᠢ ᠣᠨᠣᠪᠴᠢᠲᠠᠶ ᠡᠷᠢᠵᠦ᠂ ᠰᠣᠮᠣᠨ ᠤ ᠡᠯ᠎ᠡ ᠵᠦᠢᠯ ᠤᠨ ᠠᠵᠢᠯ ᠢ ᠠᠬᠢᠭᠤᠯᠬᠤ ᠳᠤ ᠰᠠᠨᠠᠯ ᠰᠠᠨᠠᠭᠤᠯᠭ᠎ᠠ | ᠳᠤᠷᠠᠳᠪᠠ᠃ ︽ᠲᠠᠪᠤᠨ ᠠᠬᠠᠮᠠᠳ︾ ᠰᠣᠮᠣᠨ ᠤ ᠣᠳᠣᠬᠢ ᠪᠠᠶᠢᠳᠠᠯ ᠳᠤ ᠰᠠᠭᠤᠷᠢᠯᠠᠨ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠮᠠᠯ ᠠᠵᠤ ᠠᠬᠤᠶ ᠶᠢᠨ ᠬᠥᠭᠵᠢᠯᠲᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠠᠴᠠ ᠪᠤᠳᠤᠭᠰᠠᠨ ᠰᠠᠨᠠᠭᠰᠠᠨ ᠢᠶᠠᠨ | ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠨᠡᠶᠢᠲᠡ 12 ᠵᠤᠷᠪᠤᠰ ᠰᠠᠨᠠᠯ ᠰᠠᠨᠠᠭᠤᠯᠭ᠎ᠠ | ᠳᠤᠷᠠᠳᠪᠠ᠃ | ᠳᠠᠷᠠᠭ᠎ᠠ ᠨᠢ᠂ ᠬᠠᠮᠤᠭ ᠤᠨ ᠭᠤᠶᠣ ︽ᠲᠠᠪᠤᠨ ᠠᠬᠠᠮᠠᠳ︾ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ | ᠥᠷᠨᠢᠭᠦᠯᠪᠡ᠃ ᠰᠤᠮᠤᠨ ᠤ ᠬᠡᠦᠬᠡᠳ ᠤᠨ ᠴᠡᠴᠡᠷᠯᠢᠭ ᠤᠨ ᠪᠠᠭᠠᠴᠤᠳ ᠬᠡᠣᠭᠡᠳ ᠢ ᠤᠷᠢᠵᠤ ᠬᠤᠷᠠᠯ ᠳᠤ | ᠣᠷᠣᠯᠴᠠᠭᠰᠠᠨ ︽ᠲᠠᠪᠤᠨ ᠠᠬᠠᠮᠠᠳ︾ ᠲᠤ ᠴᠡᠴᠡᠭ ᠬᠦᠷᠭᠡᠵᠦ᠂ ᠣᠶᠢᠷ᠎ᠠ ᠶᠢᠨ ᠵᠢᠯ ᠤᠳ ᠲᠤ ᠰᠤᠮᠤᠨ ᠤ ᠠᠵᠢᠯ ᠢ | ᠠᠬᠢᠭᠤᠯᠬᠤ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ 12 ᠠᠵᠢᠯᠲᠠᠨ ᠢ ︽ᠬᠥᠮᠦᠨ ᠢ ᠬᠥᠮᠦᠵᠢᠭᠦᠯᠬᠦ | ᠵᠢᠱᠢᠶᠡᠴᠢ ᠲᠡᠷᠢᠭᠦᠨ ᠤ ᠬᠤᠪᠢ ᠬᠥᠮᠦᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ | ᠠᠵᠢᠯᠲᠠᠨ︾ ᠢ ᠬᠥᠬᠢᠭᠦᠯᠦᠨ ᠰᠠᠶᠢᠰᠢᠶᠠᠪᠠ᠃ ᠨᠠᠷᠠᠨᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ᠂ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠪᠣᠯᠣᠳ ᠰᠤᠮᠤᠨ ᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢᠨ ᠲᠣᠭᠤᠷᠢᠨ ᠳᠤ᠂ ᠠᠵᠢᠯ ᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠥᠷᠭᠡᠨ ᠣᠯᠠᠨ ︽ᠲᠠᠪᠤᠨ ᠠᠬᠠᠮᠠᠳ︾ ᠤᠨ ᠳᠠᠪᠠᠭᠤᠯᠢᠭ ᠦᠢᠯᠡᠳᠦᠯ ᠢ ᠭᠦᠢᠴᠡᠳ | ᠪᠠᠳᠠᠷᠠᠭᠤᠯᠤᠨ᠂ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠵᠤ᠂ ᠰᠦᠭ ᠰᠦᠨᠡᠰᠦ ᠶᠢ ᠱᠤᠭᠤᠵᠤ ᠬᠥᠮᠦᠨ ᠢ | ᠬᠥᠮᠦᠵᠢᠭᠦᠯᠬᠦ ᠶᠢ ᠳᠣᠪᠤᠶᠢᠯᠭᠠᠨ᠂ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠨᠠᠩ ᠶᠡᠭᠡ ᠡᠷᠴᠢᠮ ᠢᠶᠠᠷ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠵᠤ᠂ ᠰᠤᠮᠤᠨ ᠤ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠣᠷᠢᠭᠵᠢᠭᠤᠯᠪᠠ᠃ | ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ᠂ ᠦᠵᠡᠯᠲᠡ ᠲᠠᠢ᠂ | ᠰᠡᠳᠬᠢᠴᠡ ᠲᠠᠢ᠂ ᠠᠷᠭ᠎ᠠ ᠬᠡᠮᠵᠢᠶ᠎ᠡ ᠲᠠᠢ ᠪᠠᠶᠢᠵᠤ᠂ ︽ᠲᠠᠪᠤᠨ ᠠᠬᠠᠮᠠᠳ︾ ᠤᠨ ᠲᠤᠷᠰᠢᠯᠭ᠎ᠠ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠠᠬᠠᠮᠠᠳ ᠨᠥᠬᠦᠳ ᠤᠨ ᠣᠷᠣᠨ ᠨᠤᠲᠤᠭ ᠤᠨ ᠬᠥᠭᠵᠢᠯᠲᠡ ᠳᠤ ᠣᠷᠣᠯᠴᠠᠭᠰᠠᠨ ᠡᠵᠡᠨ | ᠬᠥᠮᠦᠨ ᠤ ᠦᠵᠡᠯ ᠤᠬᠠᠮᠰᠠᠷ ᠵᠢᠴᠢ ︽ᠲᠠᠪᠤᠨ ᠶᠡᠭᠡ ᠡᠭᠦᠷᠭᠡ︾ ᠶᠢ ᠰᠠᠶᠢᠲᠤᠷ ᠬᠢᠬᠦ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠡᠳᠬᠢᠯᠭᠡ ᠶᠢ ᠭᠦᠢᠴᠡᠳ | ᠢᠯᠡᠷᠡᠭᠦᠯᠵᠦ᠂ ᠰᠣᠮᠣᠨ ᠤ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠣᠶᠤᠨ ᠤᠬᠠᠭᠠᠨ ᠪᠠ | ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠪᠠ᠃ |