ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠠᠪᠠᠭ᠎ᠠ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/7
     4 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠠᠩ ᠠᠶ ᠵᠢᠶᠦ᠋ᠨ ᠨᠡᠷ ᠠᠪᠠᠭ᠎ᠠ ᠬᠤᠰᠢᠭᠤᠨ ᠳᠤ ᠭᠦᠨᠵᠡᠭᠡᠶᠢᠷᠡᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠪᠠᠭ᠎ᠠ ᠬᠤᠰᠢᠭᠤᠨ ᠤ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠠᠪᠠᠭ᠎ᠠ ᠬᠤᠰᠢᠭᠤᠨ ᠤ ᠪᠦᠯᠬᠦᠮᠳᠡᠯ ᠠᠭᠤᠳᠠᠮ ᠲᠠᠯᠠᠪᠠᠢ᠂ ᠪᠡᠯᠭᠦᠳᠡᠢ ᠪᠠᠯᠭᠠᠰᠤᠨ ᠤ ᠠᠯᠲᠠᠨᠬᠠᠩᠭᠠᠢ ᠭᠠᠴᠠᠭ᠎ᠠ᠂ ᠨᠠᠷᠠᠨᠪᠤᠯᠠᠭ ᠰᠤᠮᠤᠨ ᠤ ᠠᠯᠳᠠᠨᠲᠤᠭᠤᠭᠠᠳᠤ ᠭᠠᠴᠠᠭᠠᠨ ᠤ ᠶᠢᠰᠦᠨ ᠡᠷᠳᠡᠨᠢ ᠬᠤᠷᠰᠢᠶᠠᠵᠢᠯ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠬᠡᠯᠪᠡᠷᠢ ᠪᠠᠷ ᠬᠠᠮᠲᠤ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠢᠴᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠤᠨ ᠰᠡᠳᠬᠢᠴᠡ ᠪᠠᠨ ᠰᠢᠨᠡᠴᠢᠯᠡᠨ᠂ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢᠨ ᠦᠷ᠎ᠡ ᠪᠦᠳᠦᠮᠵᠢ ᠶᠢ ᠬᠠᠮᠲᠤᠪᠠᠷ ᠡᠳ᠋ᠯᠡᠨ᠂ ᠮᠠᠯᠴᠢᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠢ᠃ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠵᠢᠱᠢᠶ᠎ᠡ ᠦᠵᠡᠭᠦᠯᠬᠦ ᠭᠠᠴᠠᠭ᠎ᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠵᠤ᠂ ᠪᠥᠬᠦ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠪᠠᠷ ᠦᠢᠯᠡᠰ ᠪᠣᠰᠬᠠᠨ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠵᠦ᠂ ᠵᠢᠱᠢᠶ᠎ᠡ ᠦᠵᠡᠭᠦᠯᠬᠦ ᠪᠠᠷ ᠪᠥᠬᠦ ᠬᠤᠰᠢᠭᠤᠨ ᠤ ᠪᠦᠬᠦᠯᠢ ᠴᠣᠭᠴᠠ ᠶᠢᠨ ᠬᠥᠭᠵᠢᠯᠲᠡ ᠶᠢ ᠳᠠᠶᠢᠴᠢᠯᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃      ᠵᠠᠰᠠᠭ ᠤᠨ ᠳᠡᠳ᠋ ᠣᠷᠳᠣᠨ ᠤ ᠬᠤᠰᠢᠭᠤ ᠳᠠᠷᠤᠭ᠎ᠠ ᠠᠷᠢᠭᠤᠨ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠪᠡᠯᠭᠦᠳᠡᠢ ᠪᠠᠯᠭᠠᠰᠤ᠂ ᠨᠠᠷᠠᠨᠪᠤᠯᠠᠭ ᠰᠤᠮᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号