ᠠᠪᠠᠭ᠎ᠠ ᠬᠤᠰᠢᠭᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭ᠎ᠠ ᠲᠠᠰ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠠᠯᠪᠠᠲᠠᠨ ᠤ ᠬᠠᠤᠯᠢ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/7
     4 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭ᠎ᠠ ᠲᠠᠰ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠠᠯᠪᠠᠲᠠᠨ ᠤ ᠬᠠᠤᠯᠢ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤᠨ ᠤ ᠬᠡᠰᠡᠭ ᠰᠢᠨ᠎ᠡ ᠪᠠᠷ ᠳᠡᠪᠰᠢᠭᠦᠯᠦᠭᠰᠡᠨ ᠰᠠᠯᠠᠭ᠎ᠠ ᠲᠠᠰ ᠤᠨ ᠺᠠᠳ᠋ᠷ 100 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ ᠲᠣᠪᠴᠢᠶᠠᠨ ᠤ ᠳᠠᠷᠤᠭ᠎ᠠ ᠺᠧ ᠬᠤᠩ ᠫᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃      ᠪᠣᠯᠪᠠᠰᠤᠷᠠᠯ ᠨᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ᠂ ᠤᠯᠤᠰ ᠲᠦᠷᠦ ᠶᠢᠨ ᠴᠢᠳᠠᠪᠤᠷᠢ ᠲᠠᠢ᠂ ᠤᠳᠤᠷᠢᠳᠬᠤ ᠴᠢᠳᠠᠪᠤᠷᠢ ᠲᠠᠢ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠤᠨ ᠣᠨᠴᠠᠯᠢᠭ ᠪᠣᠯᠤᠨ ᠠᠯᠪᠠᠲᠠᠨ ᠤ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠬᠢᠴᠢᠶᠡᠯ ᠢ ᠣᠨᠣᠪᠴᠢᠲᠠᠢ ᠪᠠᠶᠢᠷᠢᠯᠠᠭᠤᠯᠵᠤ᠂ ᠬᠡᠷᠡᠭ ᠤᠨ ᠵᠢᠱᠢᠶ᠎ᠡ ᠪᠠᠷ ᠬᠦᠮᠦᠵᠢᠯ ᠰᠤᠷᠭᠠᠯᠲᠠ ᠶᠢᠨ ᠬᠠᠷᠢᠴᠠᠯ ᠢ ᠨᠡᠮᠡᠭᠳᠡᠭᠦᠯᠵᠦ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯ ᠤᠷᠤᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠯᠪᠠᠲᠠᠨ ᠤ ᠬᠠᠤᠯᠢ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ ᠵᠡᠷᠭᠡ ᠤᠯᠠᠨ ᠵᠦᠢᠯ ᠤᠨ ᠠᠭᠤᠯᠭ᠎ᠠ ᠶᠢ ᠬᠠᠮᠤᠷᠤᠨ᠂ ᠺᠠᠳ᠋ᠷ ᠤᠨ ᠲᠤᠰ ᠪᠡᠶ᠎ᠡ ᠶᠢᠨ ᠤᠯᠠᠨ ᠲᠡᠰ ᠳᠠᠪᠬᠤᠷᠭ᠎ᠠ᠂ ᠵᠦᠷᠢᠶᠡᠴᠢᠯᠡᠭᠰᠡᠨ ᠲᠠᠨᠢᠨ ᠮᠡᠳᠡᠬᠦᠢ ᠶᠢᠨ ᠬᠡᠷᠡᠭᠴᠡᠭᠡ ᠶᠢ ᠭᠦᠢᠴᠡᠳ ᠬᠠᠩᠭᠠᠵᠤ᠂ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠬᠦᠴᠦᠯᠡᠨ  ᠳᠡᠭᠡᠭᠰᠢᠯᠡᠭᠦᠯᠪᠡ᠃      ᠪᠣᠯᠪᠠᠰᠤᠷᠠᠯ ᠨᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠠᠯᠠᠭ᠎ᠠ ᠲᠡᠰ ᠤᠨ ᠺᠠᠳ᠋ᠷ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠬᠠᠷᠠᠭ᠎ᠠ ᠪᠠᠨ ᠤᠯᠠᠮ ᠥᠷᠭᠡᠳᠬᠡᠵᠦ᠂ ᠦᠵᠡᠯᠲᠡ ᠪᠠᠨ ᠰᠢᠨᠡᠳᠭᠡᠨ᠂ ᠴᠤᠭ ᠰᠦᠯᠳᠡ ᠪᠠᠨ ᠪᠠᠳᠠᠷᠠᠭᠤᠯᠵᠤ᠂ ᠲᠠᠷᠠᠭᠠᠴᠢ ᠶᠢᠨ ᠠᠯᠬᠤᠮ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠨᠡᠨ ᠬᠦ ᠨᠢᠭᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠪᠠ ︽ᠰᠢᠨ᠎ᠡ ᠵᠠᠮ ᠢ ᠨᠡᠭᠡᠭᠡᠵᠦ᠂ ᠳᠤᠮᠳᠠ‌ᠡᠩᠨᠡᠭᠡᠨ ᠳᠤ ᠵᠢᠭᠰᠠᠭᠠᠭᠳᠠᠬᠤ︾ ᠠᠵᠢᠯ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠢᠯᠡᠳᠬᠡᠵᠡᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号