ᠠᠪᠠᠭ᠎ᠠ ᠬᠤᠰᠢᠭᠤ 2024 ᠣᠨ ᠤ ︽ᠳᠤᠯᠠᠭᠠᠯᠠᠯᠭ᠎ᠠ ᠶᠢᠨ ᠢᠨᠵᠧᠨᠧᠷᠢᠩ︾ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/5/8
     4 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤ 2024 ᠣᠨ ᠤ ︽ᠳᠤᠯᠠᠭᠠᠯᠠᠯᠭ᠎ᠠ ᠶᠢᠨ  ᠢᠨᠵᠧᠨᠧᠷᠢᠩ︾ ᠤᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠵᠦ᠂ ᠲᠣᠰ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠳᠤᠯᠠᠭᠠᠯᠠᠯᠭ᠎ᠠ ᠬᠠᠩᠭᠠᠬᠤ ᠲᠥᠬᠦᠭᠡᠷᠦᠮᠵᠢ ᠶᠢ ᠳᠡᠭᠡᠭᠰᠢᠯᠡᠭᠦᠯᠦᠨ ᠰᠠᠶᠢᠵᠢᠷᠠᠭᠤᠯᠵᠤ᠂ ᠰᠠᠭᠤᠭᠠᠯᠢ ᠠᠷᠠᠳ ᠲᠤ ᠨᠠᠩ ᠨᠠᠶᠢᠳᠠᠪᠤᠷᠢᠲᠠᠶ ᠪᠥᠭᠡᠳ ᠪᠦᠲᠦᠮᠵᠢᠲᠡᠶ ᠳᠤᠯᠠᠭᠠᠯᠠᠯᠭ᠎ᠠ ᠬᠠᠩᠭᠠᠬᠤ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠪᠦᠬᠦ᠋ᠢᠯᠡ ᠲᠥᠷᠥᠯ ᠵᠦᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠡᠯᠭᠦᠳᠡᠢ ᠪᠠᠯᠭᠠᠰᠤᠨ ᠤ ᠳᠤᠯᠠᠭᠠᠯᠠᠯᠭ᠎ᠠ ᠬᠠᠩᠭᠠᠬᠤ ᠬᠤᠭᠤᠯᠠᠶ ᠲᠣᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠢᠨᠵᠧᠨᠧᠷᠢᠩ ᠢ ᠴᠦ ᠲᠤᠬᠠᠶ ᠶᠢᠨ ᠡᠳᠦᠷ ᠲᠤ ᠪᠥᠬᠦ ᠲᠠᠯ᠎ᠠ ᠪᠠᠷ ᠡᠬᠢᠯᠡᠭᠦᠯᠪᠡ᠃ ᠡᠨᠡ ᠬᠦ ᠢᠨᠵᠧᠨᠧᠷᠢᠩ ᠨᠢ ᠣᠲᠣ ᠶᠢᠨ ᠳᠤᠯᠠᠭᠠᠯᠠᠯᠭ᠎ᠠ ᠬᠠᠩᠭᠠᠬᠤ ᠬᠤᠭᠤᠯᠠᠶ ᠶᠢᠨ ᠲᠣᠤᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠨᠠᠩ ᠤᠷᠤᠭᠰᠢᠲᠠᠶ ᠮᠦᠷᠲᠡᠭᠡᠨ ᠪᠦᠲᠦᠮᠵᠢᠲᠡᠶ ᠳᠤᠯᠠᠭᠠᠯᠠᠯᠭ᠎ᠠ ᠬᠠᠩᠭᠠᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠳᠤᠯᠠᠭᠠᠯᠠᠯᠭ᠎ᠠ ᠶᠢᠨ ᠬᠡᠷᠡᠭᠴᠡᠭᠡ ᠶᠢ ᠬᠠᠩᠭᠠᠬᠤ ᠪᠣᠯᠤᠨ᠎ᠠ᠃      ᠡᠭᠦᠨ ᠤ ᠬᠠᠮᠲᠤ᠂ ᠥᠪᠥᠷ ᠮᠣᠩᠭᠤᠯ ᠤᠨ ᠵᠢᠶᠦ᠋ᠨ ᠯᠢᠶᠠᠨ ᠠᠮᠢᠳᠤ ᠪᠣᠳᠠᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠰᠠ 100 ᠠᠭᠤᠷᠰᠢᠯᠲᠠ ᠶᠢᠨ ᠴᠡᠭ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠭᠦᠯᠪᠡ᠃ ᠲᠣᠰ ᠲᠥᠷᠥᠯ ᠵᠦᠢᠯ ᠨᠢ ᠺᠣᠮᠫᠠᠨᠢ ᠶᠢᠨ ᠣᠲᠣ ᠶᠢᠨ ᠪᠠᠶᠢᠭ᠎ᠠ ᠢᠯᠴᠢ ᠶᠢᠨ ᠢᠷᠡᠯᠲᠡ ᠶᠢᠨ ᠴᠡᠭ ᠲᠤ ᠮᠡᠷᠭᠡᠵᠢᠯ ᠤᠨ ᠲᠠᠰ ᠳᠡᠪᠰᠢᠬᠦ ᠪᠠ ᠥᠭᠡᠷᠡᠴᠢᠯᠡᠯᠲᠡ ᠬᠢᠵᠦ᠂ ᠳᠤᠯᠠᠭᠠᠯᠠᠯᠭ᠎ᠠ ᠬᠠᠩᠭᠠᠬᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠨᠡ ᠨᠢ ᠺᠣᠮᠫᠠᠨᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ ᠮᠥᠷᠲᠡᠭᠡᠨ ᠠᠪᠠᠭ᠎ᠠ ᠬᠤᠰᠢᠭᠤᠨ ᠤ ᠳᠤᠯᠠᠭᠠᠯᠠᠯᠭ᠎ᠠ ᠬᠠᠩᠭᠠᠬᠤ ᠦᠢᠯᠡᠰ ᠲᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃      ᠲᠥᠷᠥᠯ ᠵᠦᠢᠯ ᠤᠨ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ ᠳᠠᠭᠠᠯᠳᠤᠨ᠂ ᠠᠪᠠᠭ᠎ᠠ ᠬᠤᠰᠢᠭᠤᠨ ᠤ ︽ᠳᠤᠯᠠᠭᠠᠯᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠨᠢᠭᠡᠨᠲᠡ ᠵᠢᠩᠬᠢᠨᠢ ᠪᠠᠷ ᠬᠡᠷᠡᠭᠵᠢᠭᠦᠯᠬᠦ ᠱᠠᠲᠤᠨ ᠳᠤ ᠤᠷᠤᠵᠤ᠂ ᠡᠨᠡ ᠵᠢᠯ ᠤᠨ 9 ᠰᠠᠷ᠎ᠠ ᠳᠤ᠂ ᠲᠥᠷᠥᠯ ᠵᠦᠢᠯ ᠵᠠᠯᠭᠠᠭ᠎ᠠ ᠪᠠᠷ ᠪᠠᠷᠢᠯᠭ᠎ᠠ ᠲᠠᠭᠤᠰᠬᠤ ᠶᠢ ᠶᠢ ᠳᠠᠭᠠᠯᠳᠤᠨ᠂ ᠠᠪᠠᠭ᠎ᠠ ᠬᠤᠰᠢᠭᠤᠨ ᠤ ᠳᠤᠯᠠᠭᠠᠯᠠᠯᠭ᠎ᠠ ᠬᠠᠩᠭᠠᠬᠤ ᠲᠥᠬᠦᠭᠡᠷᠦᠮᠵᠢ ᠶᠡᠭᠡ ᠪᠠᠷ ᠰᠠᠶᠢᠵᠢᠷᠠᠨ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠨᠠᠩ  ᠳᠤᠬᠢᠯᠢᠭ ᠲᠠᠭᠠᠯᠠᠮᠵᠢᠲᠠᠶ ᠠᠮᠢᠳᠤᠷᠠᠯ ᠤᠨ ᠣᠷᠴᠢᠨ ᠨᠦᠬᠦᠴᠡᠯ ᠢ ᠬᠠᠩᠭᠠᠬᠤ  ᠪᠣᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号