︽5.1︾ ᠤ ᠬᠤᠭᠤᠴᠠᠭᠠᠨ ᠳᠤ᠂ ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠡᠰᠪᠤᠷᠢ ᠬᠠᠳᠠᠭᠤᠵᠢᠯᠲᠠᠢ ᠠᠵᠢᠯ ᠤᠨ | ᠰᠤᠷᠳᠠᠯ ᠢ ᠪᠠᠳᠠᠷᠠᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠭᠦᠨᠵᠡᠭᠡᠶ ᠱᠠᠯᠠᠪᠳᠠᠨ ᠪᠠᠶᠢᠴᠠᠭᠠᠪᠠ᠃ ᠬᠠᠷᠢᠶ᠎ᠠ | ᠲᠤᠭᠤᠷᠢᠭ ᠤᠨ ᠳᠣᠲᠣᠷᠠᠬᠢ 2 ᠨᠡᠭᠦᠷᠡᠰᠦᠨ ᠤ ᠪᠤᠰᠤ ᠠᠭᠤᠷᠬᠠᠶ᠂ 3 ᠠᠵᠤ ᠦᠢᠯᠡᠳᠪᠦᠷᠢ ᠠᠷᠠᠯᠵᠢᠶᠠᠨ ᠤ ᠠᠵᠤ | ᠠᠬᠤᠶᠢᠯᠠᠯ᠂ ᠲᠣᠰᠣ ᠨᠡᠮᠡᠬᠦ 4 ᠥᠷᠲᠡᠭᠡ ᠵᠢᠴᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠪᠠ ᠰᠤᠮᠤ ᠪᠠᠯᠭᠠᠰᠤᠨ ᠤ | ᠭᠠᠯ ᠰᠡᠷᠭᠡᠶᠢᠯᠡᠬᠦ ᠵᠢᠵᠢᠭᠦᠷ ᠤᠨ ᠭᠠᠵᠠᠷ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠴᠢᠭᠯᠡᠭᠦᠯᠦᠨ᠂ ᠨᠡᠶᠢᠲᠡ 4 | ᠪᠠᠶᠢᠴᠠᠭᠠᠬᠤ ᠳᠤᠭᠤᠶᠢᠯᠠᠩ᠂ 9 ᠪᠠᠶᠢᠴᠠᠭᠠᠬᠤ ᠠᠵᠢᠯᠲᠠᠨ ᠢ ᠲᠤᠮᠢᠯᠠᠪᠠ᠃ ᠱᠠᠯᠠᠪᠳᠠᠭᠤᠯᠤᠨ ᠪᠠᠶᠢᠴᠠᠭᠠᠬᠤ | ᠬᠤᠭᠤᠴᠠᠭᠠᠨ ᠳᠤ ᠠᠮᠤᠷ ᠲᠦᠪᠰᠢᠨ ᠤ ᠬᠡᠮ ᠰᠣᠭᠤᠭ ᠢ ᠨᠡᠶᠢᠲᠡ 18 ᠵᠤᠷᠪᠤᠰ ᠪᠠᠶᠢᠴᠠᠭᠠᠨ ᠣᠯᠵᠣ᠂ ᠪᠦᠬᠦᠨ ᠢ | ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠪᠠᠶᠢᠷᠢ ᠳᠤ 21 | ᠤᠳᠠᠭ᠎ᠠ ᠪᠠᠶᠢᠴᠠᠭᠠᠵᠤ᠂ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ | ᠪᠠᠶᠢᠴᠠᠭᠠᠬᠤ ᠳᠤᠭᠤᠶᠢᠯᠠᠩ ᠭᠡᠨᠡᠳᠡᠭᠦᠯᠦᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠨᠢᠭᠡᠳᠦᠭᠡᠷ ᠹᠷᠣᠨᠲ ᠲᠤ | ᠭᠦᠨᠵᠡᠭᠡᠶᠢᠷᠡᠨ᠂ ᠡᠯ᠎ᠡ ᠠᠵᠢᠯ ᠲᠥᠷᠥᠯ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠲᠦᠭᠰᠢᠭᠦᠷᠢ ᠶᠢ | ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠠᠮᠤᠷ ᠲᠦᠪᠰᠢᠨ ᠤ | ᠪᠣᠯᠪᠠᠰᠤᠷᠠᠭᠤᠯᠤᠯ᠂ ᠳᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠵᠢᠴᠢ ᠭᠤᠤᠯ ᠬᠠᠷᠢᠭᠤᠴᠠᠯᠭᠠᠲᠠᠨ ᠤ ᠠᠵᠢᠯ ᠤᠨ ᠪᠠᠶᠢᠷᠢ ᠳᠡᠭᠡᠷᠡᠬᠢ ᠪᠠᠶᠢᠳᠠᠯ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠨᠠᠷᠢᠨ ᠨᠢᠮᠪᠠᠶ ᠬᠢᠨᠠᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠶ ᠦᠢᠯᠡᠳᠪᠤᠷᠢᠯᠡᠯ ᠪᠠ | ᠭᠠᠯ ᠰᠡᠷᠭᠡᠶᠢᠯᠡᠬᠦ ᠠᠵᠢᠯ ᠳᠤ ᠦᠷᠭᠦᠯᠵᠢ ᠶᠢᠨ ᠴᠢᠨᠠᠷᠲᠠᠢ ᠪᠠᠶᠢᠴᠠᠭᠠᠯᠲᠠ ᠬᠢᠬᠦ ᠪᠠᠶᠢᠳᠠᠯ ᠪᠠᠨ ᠢᠮᠠᠭᠲᠠ ᠪᠠᠲᠤᠯᠠᠵᠤ᠂ | ᠠᠵᠢᠯᠯᠠᠵᠤ ᠪᠠᠶᠢᠭ᠎ᠠ ᠬᠥᠮᠦᠰ ᠤᠨ ᠲᠠᠭᠠᠯᠠᠮᠵᠢᠲᠠᠶ᠂ ᠠᠵᠤ ᠠᠬᠤᠶᠢᠯᠠᠯ ᠰᠠᠨᠠᠭ᠎ᠠ ᠠᠮᠤᠷ᠂ ᠵᠠᠰᠠᠭ ᠤᠨ ᠣᠷᠳᠣᠨ | ᠰᠠᠨᠠᠭ᠎ᠠ ᠠᠮᠤᠷ ᠰᠠᠶᠢᠨ ᠰᠠᠶᠢᠬᠠᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠢᠶᠠᠷ ᠭᠠᠪᠰᠢᠭᠠᠶᠢᠯᠠᠨ | ᠠᠵᠢᠯᠯᠠᠨ᠎ᠠ᠃ |