ᠮᠠᠯᠴᠢᠨ ᠪᠦᠰᠡᠭᠦᠢ ᠺᠤᠮᠫᠠᠨᠢ ᠡᠷᠬᠢᠯᠡᠭᠡᠳ ᠬᠢᠯᠠᠷᠠᠭᠤᠯᠤᠨ᠎ᠠ
ᠨᠡᠶᠢᠲᠡᠯᠡᠭᠰᠡᠨ ᠴᠠᠭ᠄
2024/5/9
     ᠣᠶᠢᠷ᠎ᠠ ᠶᠢᠨ ᠡᠳᠦᠷ᠂ ᠠᠪᠠᠭ᠎ᠠ ᠬᠤᠰᠢᠭᠤᠨ ᠤ ᠤᠷᠢᠶᠠᠩᠬᠠᠢ ᠦᠨᠳᠦᠰᠦᠲᠡᠨ ᠤ ᠬᠤᠪᠴᠠᠰᠤ ᠵᠠᠰᠠᠯ ᠤᠨ ᠵᠢᠭᠤᠯᠴᠢᠯᠠᠯ ᠤᠨ ᠭᠠᠷ ᠣᠷᠠᠯᠠᠯ ᠤᠨ ᠪᠦᠳᠦᠭᠡᠭᠳᠡᠭᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠡᠵᠡᠨᠳᠡᠨ ᠮᠦᠩᠬᠡᠴᠡᠴᠡᠭ ᠦᠪᠡᠷᠲᠡᠭᠡᠨ ᠵᠠᠰᠠᠬᠤ ᠤᠷᠤᠨ ᠤ ᠲᠠᠪᠤᠨ ᠰᠠᠷ᠎ᠠ ᠶᠢᠨ ᠨᠢᠭᠡᠨ ᠤ ᠡᠮᠡᠭᠳᠡᠶᠢᠴᠦᠳ ᠤᠨ ᠵᠢᠱᠢᠶᠠᠴᠢ ᠪᠠᠷ ᠰᠤᠩᠭᠤᠭᠳᠠᠭᠰᠠᠨ ᠪᠠᠶᠢᠨ᠎ᠠ᠃     ᠬᠤᠲᠠ ᠤᠷᠤᠵᠤ ᠦᠢᠯᠡᠰ ᠡᠷᠬᠢᠯᠡᠪᠡ      ᠮᠦᠩᠬᠡᠴᠡᠴᠡᠭ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠣᠨ ᠤ ᠲᠦᠭᠦᠷᠢᠭ ᠭᠠᠴᠠᠭ᠎ᠠ ᠪᠠᠷ ᠨᠤᠳᠤᠭᠲᠠᠢ᠃ ᠮᠦᠩᠬᠡᠴᠡᠴᠡᠭ ᠤᠨ ᠨᠠᠭᠠᠴᠤ ᠡᠮᠡᠭᠡ ᠪᠠ ᠡᠵᠢ ᠨᠢ ᠨᠣᠳᠤᠭ ᠤᠰᠤᠨ ᠳᠤ ᠪᠠᠨ ᠨᠡᠷᠡᠲᠡᠢ ᠤᠶᠤᠳᠠᠯᠴᠢᠨ ᠪᠠᠶᠢᠭᠰᠠᠨ ᠪᠣᠯᠬᠤᠷ ᠲᠡᠳᠡᠨ ᠤ ᠪᠠᠨ ᠨᠦᠯᠦᠭᠡ ᠪᠠᠷ ᠮᠦᠩᠬᠡᠴᠡᠴᠡᠭ ᠬᠠᠷᠠᠬᠠᠨ ᠪᠠᠭ᠎ᠠ ᠠᠴᠠ ᠪᠠᠨ ᠦᠢᠯᠡ ᠤᠶᠤᠳᠠᠯ ᠳᠤ ᠳᠤᠷ᠎ᠠ ᠪᠠᠭ᠋ᠠᠲᠠᠢ ᠪᠠᠶᠢᠭᠰᠠᠨ ᠮᠦᠷᠲᠡᠭᠡᠨ ᠶᠡᠭᠡ ᠠᠪᠢᠶᠠᠰᠣᠯᠢᠭ ᠪᠠᠶᠢᠯ᠎ᠠ᠃ 2000 ᠣᠨ ᠤ ᠡᠬᠢ ᠪᠠᠷ ᠨᠠᠮ ᠵᠠᠰᠠᠭ ᠤᠨ ᠣᠷᠢᠶᠠᠯᠠᠭ᠎ᠠ ᠲᠤᠤᠷ᠎ᠠ ᠮᠦᠩᠬᠡᠴᠡᠴᠡᠭ ᠬᠤᠰᠢᠭᠤᠨ ᠲᠥᠪ ᠲᠤ ᠪᠠᠨ ᠬᠦᠷᠴᠦ᠂ ᠤᠶᠤᠳᠠᠯ ᠤᠨ ᠲᠡᠯᠭᠡᠭᠦᠷ ᠡᠷᠬᠢᠯᠡᠨ ᠦᠢᠯᠡᠰ ᠪᠣᠰᠬᠠᠬᠤ ᠵᠠᠮ ᠢᠶᠠᠨ ᠡᠯᠭᠦᠵᠡᠢ᠃ ᠬᠤᠲᠠ ᠤᠷᠤᠵᠤ ᠦᠢᠯᠡᠰ ᠪᠣᠰᠬᠠᠭᠰᠠᠨ ᠤ ᠪᠠᠨ ᠳᠠᠷᠠᠭ᠎ᠠ ᠲᠡᠷᠡ ᠦᠢᠯᠡ ᠤᠶᠤᠳᠠᠯ ᠤᠨ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠬᠦ ᠶᠢᠨ ᠲᠦᠯᠦᠭᠡ ᠣᠯᠠᠨ ᠪᠠᠭᠰᠢ ᠨᠠᠷ ᠲᠤ ᠱᠠᠪᠢᠯᠠᠵᠤ᠂ ᠦᠨᠳᠦᠰᠦᠲᠡᠨ ᠤ ᠬᠤᠪᠴᠠᠰᠤ ᠵᠠᠰᠠᠯ ᠪᠠ ᠬᠢᠲᠠᠳ ᠮᠠᠶ᠋ᠢᠭ ᠤᠨ ᠬᠤᠪᠴᠠᠰᠤ ᠵᠠᠰᠠᠯ ᠢ ᠬᠡᠷᠬᠢᠨ ᠤᠶᠤᠵᠤ ᠡᠰᠬᠡᠬᠦ ᠶᠢ ᠰᠢᠰᠲ᠋ᠧᠮ ᠲᠠᠢ ᠡᠵᠡᠮᠰᠢᠭᠰᠡᠨ ᠪᠠᠶᠢᠨ᠎ᠠ᠃      ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠨ ᠺᠤᠮᠫᠠᠨᠢ ᠪᠠᠶᠢᠭᠤᠯᠪᠠ      ᠮᠦᠩᠬᠡᠴᠡᠴᠡᠭ ᠠᠩᠬ᠎ᠠ ᠡᠬᠢᠯᠡᠭᠡᠳ ᠬᠤᠰᠢᠭᠤᠨ ᠲᠥᠪ ᠪᠡᠯᠭᠦᠳᠡᠢ ᠪᠡᠯᠭᠠᠰᠣᠨ ᠳᠤ ᠪᠠᠨ ᠭᠡᠷ ᠲᠦᠷᠢᠶᠡᠰᠦᠯᠡᠨ ᠲᠡᠷᠯᠢᠭ ᠲᠡᠪᠡᠯ ᠤᠶᠤᠵᠤ ᠪᠣᠷᠣᠯᠠᠭᠤᠯᠵᠤ ᠪᠠᠶᠢᠭᠰᠠᠨ ᠢᠶᠠᠨ 2006 ᠣᠨ ᠳᠤ ᠵᠡᠭᠡᠯᠢ ᠨᠢᠭᠤᠷᠯᠠᠭᠰᠠᠨ 90 ᠬᠠᠪᠲᠠᠭᠠᠢ ᠲᠦᠷᠪᠡᠯᠵᠢᠨ ᠮᠧᠲᠷ ᠤᠨ ᠠᠷᠠᠯᠵᠢᠶᠠᠨ ᠤ ᠠᠰᠠᠷ ᠬᠤᠳᠠᠯᠳᠤᠨ ᠠᠪᠴᠦ᠂ ᠬᠡᠳᠦᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ 2009 ᠣᠨ ᠳᠤ ᠠᠪᠠᠭ᠎ᠠ ᠬᠤᠰᠢᠭᠤᠨ ᠤ ᠬᠠᠮᠤᠭ ᠠᠩᠬᠠᠨ ᠤ ᠮᠤᠩᠭᠤᠯ ᠬᠤᠪᠴᠠᠰᠤ ᠵᠠᠰᠠᠯ ᠤᠨ ᠺᠤᠮᠫᠠᠨᠢ ᠪᠣᠯᠬᠤ ︽ᠠᠪᠠᠭ᠎ᠠ ᠬᠤᠰᠢᠭᠤᠨ ᠤ ᠣᠷᠢᠶᠠᠩᠬᠠᠢ ᠦᠨᠳᠦᠰᠦᠲᠡᠨ ᠤ ᠬᠤᠪᠴᠠᠰᠤ ᠵᠠᠰᠠᠯ ᠤᠨ ᠵᠢᠭᠤᠯᠴᠢᠯᠠᠯ ᠤᠨ ᠭᠠᠷ ᠣᠷᠠᠯᠠᠯ ᠤᠨ ᠪᠦᠳᠦᠭᠡᠭᠳᠡᠭᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ︾ ᠶᠢ ᠳᠠᠩᠰᠠᠯᠠᠭᠤᠯᠤᠨ ᠪᠠᠶᠢᠭᠤᠯᠤᠭᠰᠠᠨ ᠢᠶᠠᠷ ᠪᠠᠷᠠᠬᠤ ᠦᠭᠡᠢ ᠮᠤᠩᠭᠤᠯ ᠬᠤᠪᠴᠠᠰᠤ ᠵᠠᠰᠠᠯ ᠢᠶᠠᠨ ᠭᠠᠳᠠᠨ᠎ᠠ ᠤᠷᠤᠨ ᠢᠶᠠᠷ ᠪᠤᠷᠤᠯᠠᠭᠤᠯᠬᠤ ᠶᠢ ᠪᠤᠳᠤᠵᠤ ᠦᠪᠡᠷ ᠤᠨ ᠭᠡᠰᠡᠨ ︽ᠣᠷᠢᠶᠠᠩᠬᠠᠢ︾ ᠬᠤᠪᠴᠠᠰᠤ ᠵᠠᠰᠠᠯ ᠤᠨ ᠲᠠᠸᠠᠷ ᠤᠨ ᠲᠡᠮᠳᠡᠭ ᠢᠶᠠᠨ ᠡᠷᠡᠮᠡᠯᠵᠡᠯᠡᠨ ᠳᠠᠩᠰᠠᠯᠠᠭᠤᠯᠵᠤ᠂ ᠤᠳᠤ ᠪᠣᠯᠬᠤ ᠳᠤ ᠡᠨᠡᠬᠦ ᠲᠠᠸᠠᠷ ᠤᠨ ᠲᠡᠮᠳᠡᠭ ᠨᠢ ᠰᠢᠯᠢ ᠶᠢᠨ ᠭᠤᠣᠯ ᠠᠶᠢᠮᠠᠭ ᠤᠨ ᠨᠡᠷᠡᠲᠦ ᠲᠠᠸᠠᠷ ᠤᠨ ᠲᠡᠮᠳᠡᠭ ᠪᠣᠯᠵᠠᠢ᠃      ᠮᠦᠩᠬᠡᠴᠡᠴᠡᠭ ︽︽ᠺᠣᠮᠫᠠᠨᠢ ᠪᠠᠨ ᠪᠠᠶᠢᠭᠤᠯᠤᠭᠰᠠᠨ ᠤ ᠳᠠᠷᠠᠭ᠎ᠠ ᠪᠢ ᠬᠤᠪᠴᠠᠰᠤ ᠵᠠᠰᠠᠯ ᠤᠨ ᠬᠡᠪ ᠵᠠᠭᠪᠤᠷ᠂ ᠤᠶᠤᠵᠤ ᠡᠰᠬᠡᠬᠦ ᠤᠷ᠎ᠠ ᠮᠡᠷᠭᠡᠵᠢᠯ᠂ ᠪᠦᠰᠡ ᠪᠠᠷᠠᠭ᠎ᠠ ᠶᠢᠨ ᠰᠤᠩᠭᠤᠯᠲᠠ ᠵᠡᠷᠭᠡ ᠲᠠᠯ᠎ᠠ ᠪᠠᠷ ᠨᠡᠩ ᠴᠢᠩᠭ᠎ᠠ ᠱᠠᠭᠠᠷᠳᠠᠯᠭ᠎ᠠ ᠲᠠᠯᠪᠢᠵᠤ᠂ ᠨᠠᠷᠢᠯᠢᠭ ᠬᠢᠴᠡ ᠲᠠᠢ᠂ ᠰᠢᠨ᠎ᠡ ᠲᠦᠰᠦᠪᠯᠡᠯ ᠲᠠᠢ᠂ ᠦᠨ᠎ᠡ ᠬᠠᠩᠰᠢ ᠳᠤᠬᠢᠷᠠᠮᠵᠢᠲᠠᠢ ᠬᠤᠪᠴᠠᠰᠤ ᠵᠠᠰᠠᠯ ᠢ ᠬᠡᠷᠡᠭᠯᠡᠭᠴᠢᠳ ᠲᠤ ᠪᠠᠨ ᠬᠦᠷᠭᠡᠬᠦ ᠶᠢ ᠵᠤᠷᠢᠵᠤ ᠢᠷᠡᠭᠰᠡᠨ ᠶᠤᠮ᠃ ᠣᠳᠣ ᠮᠠᠨ ᠤ ᠪᠦᠳᠦᠭᠡᠭᠳᠡᠭᠦᠨ ᠪᠦᠬᠦ ᠤᠷᠤᠨ ᠤ ᠡᠯ᠎ᠡ ᠭᠠᠵᠠᠷ ᠵᠢᠴᠢ ᠰᠢᠶᠠᠩᠭᠠᠩ᠂ ᠣᠣᠮᠸᠠ ᠪᠠ ᠶᠠᠫᠣᠨ᠂ ᠮᠤᠩᠭᠤᠯ᠂ ᠺᠤᠷᠢᠶᠠ ᠵᠡᠷᠭᠡ ᠤᠯᠤᠰ ᠪᠠ ᠭᠠᠵᠠᠷ ᠤᠷᠤᠨ ᠢᠶᠠᠷ ᠪᠤᠷᠤᠯᠠᠭᠤᠯᠤᠭᠳᠠᠨ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠤ᠂ ᠵᠢᠯ ᠤᠨ ᠤᠷᠤᠯᠭ᠎ᠠ ᠬᠤᠷᠢᠭᠠᠳ ᠲᠦᠮᠡᠨ ᠲᠦᠭᠦᠷᠢᠭ ᠬᠦᠷᠴᠦ ᠪᠠᠶᠢᠨ᠎ᠠ︾ ᠬᠡᠮᠡᠨ ᠪᠠᠶᠠᠷᠲᠠᠢ ᠶᠠᠷᠢᠯ᠎ᠠ᠃      ᠮᠠᠯᠴᠢᠨ ᠪᠦᠰᠡᠬᠦᠶᠢᠴᠦᠳ ᠲᠤ ᠪᠠᠨ ᠤᠷ᠎ᠠ ᠮᠡᠷᠭᠡᠵᠢᠯ ᠢᠶᠠᠨ ᠣᠯᠠᠮᠵᠢᠯᠠᠪᠠ      ᠣᠯᠠᠨ ᠵᠢᠯ ᠤᠨ ᠳᠤᠷᠰᠢ ᠮᠦᠩᠬᠡᠴᠡᠴᠡᠭ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠬᠠᠮᠵᠢᠯᠴᠠᠵᠤ᠂ ᠦᠨᠳᠦᠰᠦᠲᠡᠨ ᠤ ᠬᠤᠪᠴᠠᠰᠤ ᠵᠠᠰᠠᠯ ᠤᠨ ᠤᠷ᠎ᠠ ᠮᠡᠷᠭᠡᠵᠢᠯ ᠢᠶᠠᠨ ᠴᠢᠷᠮᠠᠶᠢᠨ ᠣᠯᠠᠮᠵᠢᠯᠠᠵᠤ᠂ ᠬᠡᠳᠦᠨ ᠵᠢᠯ ᠤᠨ ᠳᠤᠷᠰᠢ ᠣᠷᠢᠳ ᠬᠤᠵᠢᠳ 200 ᠭᠠᠷᠤᠢ ᠮᠠᠯᠴᠢᠨ ᠪᠦᠰᠡᠬᠦᠶᠢᠴᠦᠳ ᠲᠤ ᠦᠢᠯᠡ ᠤᠶᠤᠳᠠᠯ ᠤᠨ ᠤᠷ᠎ᠠ ᠮᠡᠷᠭᠡᠵᠢᠯ ᠤᠨ ᠪᠤᠯᠪᠠᠰᠤᠷᠠᠯ ᠬᠦᠷᠲᠡᠭᠡᠵᠦ᠂ ᠲᠡᠳᠡ ᠨᠠᠷ ᠤᠨ ᠠᠮᠢᠳᠤᠷᠠᠯ ᠪᠠ ᠠᠲᠠᠯ ᠦᠢᠯᠡᠰ ᠴᠤᠭᠴᠠᠯᠠᠬᠤ ᠳᠤ ᠨᠢ ᠬᠠᠪᠰᠤᠷᠤᠯᠭ᠎ᠠ ᠪᠠ ᠳᠡᠮᠵᠢᠯᠭᠡ ᠦᠵᠡᠭᠦᠯᠪᠡ᠃      ᠠᠮᠵᠢᠯᠲᠠ ᠪᠦᠳᠦᠮᠵᠢ ᠪᠠᠷ ᠦᠢᠯᠡᠰ ᠢᠶᠠᠨ ᠴᠢᠮᠡᠵᠦ ᠶᠠᠪᠤᠨ᠎ᠠ      ᠮᠦᠩᠬᠡᠴᠡᠴᠡᠭ 2015 ᠣᠨ ᠳᠤ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠣᠯᠠᠮᠵᠢᠯᠠᠭᠴᠢ ᠪᠠᠷ ᠦᠨᠡᠯᠡᠭᠳᠡᠵᠦ᠂ 2016 ᠣᠨ ᠳᠤ ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠥᠪ ᠤᠨ ᠣᠯᠠᠮᠵᠢᠯᠠᠭᠴᠢ ᠪᠠᠷ ᠦᠨᠡᠯᠡᠭᠳᠡᠪᠡ᠃ 2015 ᠣᠨ ᠠᠴᠠ 2017 ᠣᠨ ᠪᠣᠯᠲᠠᠯ᠎ᠠ ᠭᠤᠷᠪᠠᠨ ᠵᠢᠯ ᠳᠠᠷᠠᠭᠠᠯᠠᠨ ᠠᠪᠠᠭ᠎ᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠢᠶᠠᠷ ᠰᠤᠩᠭᠤᠭᠳᠠᠵᠤ᠂ ᠡᠳᠦᠭᠡ ᠠᠪᠠᠭ᠎ᠠ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠤᠨ ᠬᠤᠳᠠᠯᠳᠤᠭᠠᠨ ᠤ ᠡᠪᠯᠡᠯ ᠤᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号