ᠡᠯᠡᠰᠦᠷᠬᠡᠭᠵᠢᠯ ᠢ ᠰᠡᠷᠭᠡᠶᠢᠯᠡᠨ ᠡᠯᠡᠰᠦ ᠵᠠᠰᠠᠬᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/12
   ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ  ᠦᠨᠡᠨᠬᠦ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠪᠠ ᠠᠵᠢᠯᠯᠠᠭ᠎ᠠ ᠶᠢ ᠲᠦᠷᠢᠮᠵᠢᠭᠦᠯᠬᠦ ᠶᠢᠨ ᠲᠥᠯᠥᠭᠡ᠂ ︽ᠰᠢᠯᠢ ᠶᠢᠨ ᠭᠤᠤᠯ ᠠᠶᠢᠮᠠᠭ ᠤᠨ ︿ᠭᠤᠷᠪᠠᠨ ᠤᠮᠠᠷᠠᠲᠤ﹀ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠢᠯᠣᠭᠤᠳᠬᠤ ᠰᠠᠨᠠᠯ ︵ᠲᠤᠷᠰᠢᠨ  ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠤ ᠨᠥᠬᠦᠴᠡᠯ ᠳᠤ ᠨᠡᠶᠢᠴᠡᠬᠦ ᠮᠠᠯᠴᠢᠳ ᠤᠨ ᠬᠤᠷᠰᠢᠶᠠᠵᠢᠯ ᠢ ᠳᠠᠶᠢᠴᠢᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠤᠷᠤᠯᠴᠠᠬᠤ ᠶᠢ ᠵᠣᠷᠢᠭᠵᠢᠭᠤᠯᠬᠤ ᠶᠢᠨ ᠲᠦᠯᠦᠭᠡ᠂ ᠡᠳᠦᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠢᠷᠢ ᠬᠡᠮ ᠤᠨ ᠱᠠᠭᠠᠷᠳᠠᠯᠭ᠎ᠠ    ︵ᠨᠢᠭᠡ︶ ᠬᠤᠷᠰᠢᠶᠠᠵᠢᠯ ᠤᠨ ᠡᠵᠡᠩᠨᠡᠯᠲᠡ ᠶᠢᠨ ᠬᠡᠪᠴᠢᠶᠡᠨ ᠲᠤᠳᠤᠷ᠎ᠠ ᠡᠷᠬᠡᠪᠰᠢ ᠡᠪᠡᠰᠦ᠂ ᠮᠣᠳᠣ ᠳᠠᠷᠢᠬᠤ ᠠᠭᠤᠯᠭ᠎ᠠ ᠶᠢ ᠪᠠᠭᠲᠠᠭᠠᠵᠤ᠂ ᠦᠨᠡᠨ ᠪᠣᠳᠠᠳᠠᠢ ᠪᠠᠶᠢᠬᠤ ᠬᠡᠷᠡᠭᠲᠡᠶ᠃    ︵ᠬᠤᠶᠠᠷ︶ ᠬᠤᠷᠰᠢᠶᠠᠵᠢᠯ ᠵᠢᠴᠢ ᠬᠠᠷᠢᠭᠤᠴᠠᠯᠭᠠᠲᠠᠨ ᠨᠢ ᠢᠲᠡᠭᠡᠮᠵᠢ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠦᠭᠡᠢ ᠪᠠᠶᠢᠬᠤ ᠬᠡᠷᠡᠭᠲᠡᠢ᠃    ︵ᠭᠤᠷᠪᠠ︶ ᠬᠤᠷᠰᠢᠶᠠᠵᠢᠯ ᠨᠢ ᠲᠤᠬᠠᠢ ᠶᠢᠨ ᠭᠠᠵᠠᠷ ᠲᠤ ᠳᠠᠩᠰᠠᠯᠠᠭᠤᠯᠤᠨ ᠪᠠᠶᠢᠭᠤᠯᠵᠤ᠂ ᠭᠡᠰᠢᠭᠦᠳ ᠤᠨ ᠳᠣᠲᠣᠷ᠎ᠠ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠦᠬᠦ ᠭᠡᠰᠢᠭᠦᠳ ᠤᠨ 80% ᠠᠴᠠ ᠳᠡᠭᠡᠭᠰᠢᠬᠢ ᠶᠢ ᠡᠵᠡᠯᠡᠬᠦ ︵ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠭᠲᠠᠭᠠᠬᠤ ᠦᠭᠡᠢ︶ ᠬᠡᠷᠡᠭᠲᠡᠢ᠃    ︵ᠲᠦᠷᠪᠡ︶ ᠤᠷᠤᠯᠴᠠᠬᠤ ᠬᠤᠷᠰᠢᠶᠠᠵᠢᠯ ᠨᠢ ᠡᠷᠬᠡᠪᠰᠢ ᠭᠠᠶᠢᠯᠢ ᠶᠢᠨ ᠶᠠᠪᠤᠳᠠᠯ ᠤᠨ ᠳᠠᠩᠰᠠᠯᠠᠯ ᠭᠦᠢᠴᠡᠳᠭᠡᠭᠰᠡᠨ ᠪᠠᠶᠢᠵᠤ᠂ ᠣᠶᠢᠷ᠎ᠠ ᠶᠢᠨ ᠬᠤᠭᠤᠴᠠᠭᠠᠨ ᠤ ᠭᠠᠶᠢᠯᠢ ᠲᠤᠰᠢᠶᠠᠭᠰᠠᠨ ᠪᠠᠶᠢᠳᠠᠯ ᠬᠡᠪ ᠤᠨ ᠪᠠᠶᠢᠳᠠᠯ ᠳᠤ ᠪᠠᠶᠢᠬᠤ ᠬᠡᠷᠡᠭᠲᠡᠶ᠃    ᠬᠤᠶᠠᠷ᠂ ᠨᠡᠷ᠎ᠡ ᠮᠡᠳᠡᠭᠦᠯᠬᠦ ᠳᠡᠰ ᠳᠠᠷᠠᠭᠠᠯᠠᠯ    ᠤᠷᠤᠯᠴᠠᠬᠤ ᠬᠦᠰᠡᠯ ᠲᠠᠢ ᠬᠤᠷᠰᠢᠶᠠᠵᠢᠯ ᠨᠢ ︽ᠬᠤᠷᠰᠢᠶᠠᠵᠢᠯ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠭᠤᠶᠤᠴᠢᠯᠠᠯ ᠤᠨ ᠬᠦᠰᠦᠨᠦᠭᠲᠦ︾ ᠪᠠ ᠬᠤᠯᠪᠣᠭᠳᠠᠯ ᠪᠦᠬᠦᠢ ᠮᠠᠲ᠋ᠧᠷᠢᠶᠠᠯ ᠤᠨ ᠵᠢᠩᠬᠢᠨᠢ ᠲᠡᠪᠲᠡᠷ ᠢᠶᠠᠨ ᠪᠠᠶᠢᠭ᠎ᠠ ᠭᠠᠴᠠᠭᠠᠨ ᠳᠤ ᠪᠠᠨ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ ᠰᠤᠮᠤ ᠪᠠᠯᠭᠠᠰᠤᠨ ᠳᠤ ᠮᠡᠳᠡᠭᠦᠯᠵᠦ᠂ ᠰᠤᠮᠤ ᠪᠠᠯᠭᠠᠰᠤ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ᠂ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠨᠥᠬᠦᠴᠡᠯ ᠳᠤ ᠨᠡᠶᠢᠴᠡᠬᠦ ᠬᠤᠷᠰᠢᠶᠠᠵᠢᠯ ᠢ 3 ᠡᠳᠦᠷ ᠢᠯᠡ ᠵᠠᠷᠯᠠᠨ ᠨᠠᠶᠢᠲᠠᠯᠠᠵᠦ᠂ ᠪᠣᠰᠤᠳ ᠰᠠᠨᠠᠯ ᠦᠭᠡᠢ ᠪᠣᠯ ᠬᠤᠯᠪᠣᠭᠳᠠᠯ ᠪᠦᠬᠦᠢ ᠭᠡᠷ᠎ᠡ ᠲᠣᠭᠲᠠᠵᠤ᠂ ᠬᠠᠮᠢᠶ᠎ᠠ ᠪᠦᠬᠦᠢ ᠳᠦᠷᠢᠮ ᠲᠣᠭᠲᠠᠭᠠᠯ ᠶᠣᠰᠣᠭᠠᠷ ᠵᠠᠰᠠᠨ ᠰᠡᠷᠭᠦᠭᠡᠬᠦ ᠠᠵᠢᠯ ᠢ ᠡᠬᠢᠯᠡᠭᠦᠯᠦᠨ᠎ᠡ᠃    ᠭᠤᠷᠪᠠ᠂ ᠨᠡᠷ᠎ᠡ ᠮᠡᠳᠡᠭᠦᠯᠬᠦ ᠴᠠᠭ    ᠰᠤᠮᠤ ᠪᠠᠯᠭᠠᠰᠣ ᠨᠢ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ 2024 ᠣᠨ ᠤ 6 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨᠠᠬᠢ 17᠄ 30 ᠴᠠᠭ ᠠᠴᠠ ᠡᠮᠦᠨ᠎ᠡ ᠮᠡᠳᠡᠭᠦᠯᠦᠨ᠎ᠡ᠃    ᠳᠥᠷᠪᠡ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ    ᠬᠠᠷᠢᠯᠴᠠᠬᠤ ᠬᠥᠮᠦᠨ᠄ ᠴᠡᠩᠭᠡᠯᠲᠠᠢ    ᠬᠠᠷᠢᠯᠴᠠᠬᠤ ᠤᠲᠠᠰᠤ᠄ 15247628287    ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ    ᠡᠯ᠎ᠡ ᠰᠤᠮᠤ ᠪᠠᠯᠭᠠᠰᠤ ᠭᠠᠴᠠᠭ᠎ᠠ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠨᠦᠬᠦᠴᠡᠯ ᠱᠠᠭᠠᠷᠳᠠᠯᠭ᠎ᠠ ᠳᠤ ᠨᠡᠶᠢᠴᠡᠬᠦ ᠬᠤᠷᠰᠢᠶᠠᠵᠢᠯ ᠢ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠵᠦ ᠣᠷᠣᠯᠴᠠᠭᠤᠯᠬᠤ ᠶᠢᠨ ᠬᠠᠮᠲᠤ ᠵᠠᠰᠠᠨ ᠰᠡᠷᠭᠦᠭᠡᠬᠦ ᠲᠥᠷᠥᠯ ᠵᠦᠢᠯ ᠲᠤᠬᠠᠢ ᠬᠤᠷᠰᠢᠶᠠᠵᠢᠯ ᠳᠤ ᠨᠠᠷᠢᠨ ᠨᠢᠮᠪᠠᠢ ᠲᠠᠶᠢᠯᠪᠤᠷᠢᠯᠠᠬᠤ ᠬᠡᠷᠡᠭᠲᠡᠢ᠃    ᠠᠪᠠᠭ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ    2024 ᠣᠨ ᠤ 6 ᠰᠠᠷ᠎ᠠ ᠶᠢᠨ 1 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号