ᠨᠠᠰᠤᠨᠪᠠᠭᠠᠲᠤᠷ ᠤᠨ ᠬᠢᠨ ᠤ ᠭᠤᠶᠤ ᠭᠡᠭᠡᠨᠴᠢᠷ ᠭᠡᠷ ᠪᠠᠶᠢᠰᠢᠩ᠂ ᠴᠡᠪᠡᠷ ᠴᠡᠮᠴᠡᠭᠡᠷ ᠬᠦᠷᠢᠶ᠎ᠡ ᠬᠠᠰᠢᠶ᠎ᠠ ᠠᠴᠠ | ᠨᠢ ᠴᠦ ᠭᠡᠷ ᠪᠦᠯᠢ ᠶᠢᠨ ᠵᠣᠯ ᠵᠢᠷᠭᠠᠯ᠂ ᠠᠵᠢᠯᠴᠢ ᠬᠥᠳᠡᠯᠮᠦᠷᠢᠴᠢ ᠠᠮᠢᠳᠤᠷᠠᠯ ᠠᠬᠤᠢ ᠶᠢ ᠤᠯᠵᠦ ᠬᠠᠷᠠᠵᠦ | ᠪᠤᠯᠤᠨ᠎ᠠ᠂ ᠡᠳᠡᠨᠡᠶᠢᠬᠢᠨ ᠴᠢᠨᠡᠭᠡᠯᠢᠭ ᠠᠮᠢᠳᠤᠷᠠᠯ ᠤᠨ ᠰᠠᠶᠢᠨ ᠰᠠᠶᠢᠬᠠᠨ ᠢ ᠬᠦᠦᠷᠨᠢᠵᠦ᠂ ᠬᠦᠳᠡᠭᠡ ᠲᠠᠯ᠎ᠠ ᠳᠤ | ᠮᠠᠯᠴᠢᠨ ᠠᠶᠢᠯ ᠤᠨ ᠭᠤᠶᠢᠳᠠ ᠵᠢᠷᠤᠭᠯᠠᠯ ᠢ ᠪᠦᠳᠦᠭᠡᠨ᠎ᠡ᠃ | ᠨᠠᠰᠤᠨᠪᠠᠭᠠᠲᠤᠷ ᠪᠤᠯ ᠵᠢᠷᠭᠠᠯᠠᠩᠲᠤ ᠰᠤᠮᠤᠨ ᠤ ᠬᠠᠶᠢᠷᠬᠠᠨ ᠭᠠᠴᠠᠭᠠᠨ ᠤ ᠮᠠᠯᠴᠢᠨ᠃ ᠡᠳᠡᠨᠡᠶᠢᠬᠢᠨ | ᠠᠶᠢᠮᠠᠭ ᠤᠨ ᠲᠡᠰ ᠤᠨ ᠮᠢᠬᠠᠨ ᠤ ᠦᠬᠡᠷ ᠤᠨ ᠭᠤᠣᠯᠳᠠᠯᠭᠠᠲᠤ ᠡᠷᠦᠬᠡ᠂ ᠠᠳᠤᠭᠤ ᠮᠠᠯᠵᠢᠬᠤ ᠲᠤᠰᠬᠠᠢ ᠡᠷᠦᠬᠡ᠂ | ᠠᠷᠪᠠᠨ ᠤᠳᠤᠨ ᠲᠡᠰ ᠤᠨ ᠪᠣᠯᠪᠠᠰᠤᠨ ᠡᠷᠦᠬᠡ ᠪᠣᠯᠣᠨ᠎ᠠ᠃ 2022 ᠣᠨ ᠳᠤ ᠥᠪᠡᠷᠲᠡᠭᠡᠨ ᠵᠠᠰᠠᠬᠤ ᠣᠷᠣᠨ ᠤ | ᠠᠩᠬᠠᠨ ᠤ ᠪᠦᠯᠦᠭ ᠤᠨ ᠠᠩᠬ᠎ᠠ ᠵᠡᠷᠭᠡ ᠶᠢᠨ ᠲᠤᠰᠬᠠᠢ ᠮᠡᠷᠭᠡᠵᠢᠯ ᠤᠨ ᠮᠠᠯᠴᠢᠨ ᠤ ᠮᠡᠷᠭᠡᠵᠢᠯ ᠤᠨ ᠴᠣᠯᠠ ᠬᠦᠷᠳᠡᠵᠦ᠂ | ᠵᠢᠯ ᠤᠨ ᠣᠷᠣᠯᠭ᠎ᠠ ᠨᠢ 120 ᠭᠠᠷᠤᠢ ᠲᠦᠮᠡᠨ ᠲᠦᠬᠦᠷᠢᠭ ᠲᠤ ᠬᠦᠷᠦᠭᠰᠡᠨ ᠦᠢᠷ᠎ᠠ ᠬᠠᠪᠢ ᠳᠤ ᠪᠠᠨ ᠠᠯᠳᠠᠷᠳᠠᠢ | ︽ᠪᠠᠶᠠᠵᠢᠯ ᠤᠨ ᠳᠠᠭᠠᠭᠤᠯᠤᠭᠴᠢ︾ ᠶᠤᠮ᠃ 2023 ᠣᠨ ᠳᠤ ᠪᠥᠬᠦ ᠬᠤᠰᠢᠭᠤᠨ ᠤ ︽ᠬᠠᠮᠤᠭ ᠤᠨ ᠭᠤᠶᠣ ᠭᠡᠷ | ᠪᠦᠯᠢ︾ ᠶᠢᠨ ᠢᠷᠠᠭᠤ ᠠᠯᠳᠠᠷ ᠢ ᠭᠥᠷᠳᠡᠵᠦ᠂ ᠨᠠᠰᠤᠨᠪᠠᠭᠠᠲᠤᠷ ᠰᠧᠪᠯᠠᠮᠠ ᠶᠢᠨ ᠬᠢᠨ ᠭᠡᠬᠦᠯᠡᠷ ᠨᠤᠳᠤᠭ ᠤᠰᠤᠨ ᠤ | ᠬᠢᠨ ᠡᠷᠡᠭᠡᠢ ᠭᠤᠵᠤᠶᠢᠯᠭᠠᠨ ᠮᠠᠭᠳᠠᠵᠠᠭᠠᠳᠠᠭ᠃ | ︽ᠰᠢᠯᠢᠳᠡᠭᠡᠭᠦᠯᠳᠡᠷ︾ ᠪᠣᠯ ᠮᠠᠯ ᠠᠵᠦ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠣᠯᠳᠠᠯᠭ᠎ᠠ ᠮᠥᠨ᠂ | ᠨᠠᠩ ᠴᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠡᠬᠢ ᠰᠤᠷᠪᠤᠯᠵᠢ︾ ᠮᠥᠨ᠃ | ᠨᠠᠰᠤᠨᠪᠠᠭᠠᠲᠤᠷ ᠥᠪᠡᠷ ᠤᠨ ᠨᠤᠲᠤᠭ ᠪᠡᠯᠴᠢᠭᠡᠷ ᠤᠨ ᠪᠠᠶᠢᠳᠠᠯ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ | ᠬᠠᠨᠳᠤᠰᠢ ᠶᠢ ᠦᠨᠳᠦᠰᠦᠯᠡᠨ᠂ ︽ᠬᠤᠨᠢ ᠶᠢ ᠲᠣᠭᠲᠠᠪᠤᠷᠢᠵᠢᠭᠤᠯᠵᠤ ᠦᠬᠡᠷ ᠢᠶᠠᠨ ᠥᠰᠬᠡᠬᠦ︾ ᠲᠥᠷᠥ ᠶᠢᠨ | ᠪᠣᠳᠣᠯᠭ᠎ᠠ ᠶᠢ ᠢᠳᠡᠪᠬᠢᠲᠡᠢ ᠴᠤᠤᠷᠢᠶᠠᠳᠤᠨ᠂ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠵᠤ᠂ 2018 ᠣᠨ ᠳᠤ ᠠᠪᠠᠭ᠎ᠠ ᠬᠤᠰᠢᠭᠤᠨ ᠤ ᠵᠢᠷᠭᠠᠯᠠᠩᠲᠤ ᠰᠤᠮᠤᠨ ᠤ ᠨᠠᠰᠤᠨᠪᠠᠭᠠᠲᠤᠷ ᠤᠨ ᠭᠡᠷ | ᠪᠦᠯᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠵᠤ᠂ 2021 ᠣᠨ ᠠᠴᠠ ᠡᠬᠢᠯᠡᠨ ᠰᠢᠮᠧᠨ᠋ᠲ᠋ᠠᠷ ᠦᠬᠡᠷ ᠮᠠᠯᠵᠢᠵᠤ | ᠡᠬᠢᠯᠡᠪᠡ᠃ ᠦᠬᠡᠷ ᠮᠠᠯᠵᠢᠬᠤ ᠦᠷ᠎ᠡ ᠠᠰᠢᠭ ᠢ ᠨᠡᠮᠡᠭᠳᠡᠬᠦᠯᠬᠦ ᠳᠤ ︽ᠦᠬᠡᠷ ᠤᠨ ᠲᠤᠭ᠎ᠠ ᠲᠤᠯᠤᠭᠠᠢ ᠳᠤ ᠪᠠᠨ | ᠪᠠᠶᠢᠬᠤ ᠪᠢᠰᠢ᠂ ᠬᠠᠷᠢᠨ ᠲᠠᠷᠭᠤ ᠬᠦᠴᠦ ᠶᠢ ᠪᠠᠳᠤᠯᠠᠬᠤ ᠳᠤ ᠪᠠᠶᠢᠳᠠᠭ︾ ᠭᠡᠮᠡᠨ ᠨᠠᠰᠤᠨᠪᠠᠭᠠᠳᠤᠷ ᠦᠵᠡᠳᠡᠭ᠃ | ᠣᠯᠠᠨ ᠵᠢᠯ ᠤᠨ ᠲᠤᠷᠰᠢ᠂ ᠨᠠᠰᠤᠨᠪᠠᠭᠠᠲᠤᠷ ᠡᠪᠤᠯᠵᠢᠬᠦᠯᠬᠦ ᠡᠬᠡ ᠮᠠᠯ ᠤᠨ ᠲᠤᠭ᠎ᠠ ᠶᠢ 35 ᠣᠷᠴᠢᠮ ᠪᠠᠶᠢᠯᠭᠠᠳᠠᠭ | ᠴᠦ ᠦᠬᠡᠷ ᠮᠠᠯᠵᠢᠭᠰᠠᠨ ᠴᠡᠪᠡᠷ ᠣᠷᠣᠯᠭ᠎ᠠ ᠨᠢ 20 ᠭᠠᠷᠤᠢ ᠲᠦᠮᠡᠨ ᠲᠥᠭᠦᠷᠢᠭ ᠲᠤ ᠬᠦᠷᠳᠡᠭ᠃ 2023 | ᠣᠨ ᠳᠤ ᠵᠢᠷᠭᠠᠯᠠᠩᠳᠦ ᠰᠤᠮᠤ ᠤᠤᠯ ᠤᠨ ᠠᠶᠢᠮᠠᠭ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠮᠢᠬᠠᠨ ᠤ | ᠦᠬᠡᠷ ᠤᠨ ᠢᠴᠡᠭᠡᠯ ᠦᠷ᠎ᠡ ᠶᠢᠨ ᠬᠡᠬᠡᠯᠲᠦᠭᠦᠯᠭᠡ ᠶᠢᠨ ᠮᠡᠷᠭᠡᠵᠢᠯ ᠤᠨ ᠵᠥᠪᠯᠡᠭᠴᠢ ᠰᠡᠷᠭᠦᠯᠡᠩ ᠪᠠᠭᠰᠢ ᠶᠢ ᠤᠷᠢᠵᠤ᠂ | ᠮᠢᠬᠠᠨ ᠤ ᠦᠬᠡᠷ ᠮᠠᠯᠵᠢᠬᠤ ᠮᠡᠷᠭᠡᠵᠢᠯ ᠤᠨ ᠵᠢᠯᠣᠭᠤᠳᠤᠯᠭ᠎ᠠ ᠬᠢᠯᠭᠡᠬᠦ ᠲᠤᠬᠢᠶᠠᠯ ᠢᠶᠠᠷ᠂ ᠨᠠᠰᠤᠨᠪᠠᠭᠠᠲᠤᠷ ᠰᠡᠷᠬᠦᠯᠡᠩ | ᠪᠠᠭᠰᠢ ᠶᠢ ᠲᠤᠰᠬᠠᠶᠢᠯᠠᠨ ᠭᠡᠷ ᠲᠤ ᠪᠠᠨ ᠤᠷᠢᠨ᠂ ᠢᠴᠡᠭᠡᠯ ᠦᠷ᠎ᠡ ᠶᠢᠨ ᠰᠢᠩᠭᠡᠨ ᠢ ᠭᠡᠰᠬᠡᠬᠦ᠂ ᠠᠷᠢᠭᠤᠳᠬᠠᠬᠤ᠂ | ᠦᠷ᠎ᠡ ᠰᠠᠪᠠᠯᠠᠬᠤ᠂ ᠰᠢᠯᠤᠭᠤᠨ ᠭᠡᠳᠡᠰᠦ ᠪᠠᠷ ᠦᠷ᠎ᠡ ᠳᠡᠮᠵᠢᠭᠤᠯᠬᠤ ᠶᠢ ᠰᠤᠷᠤᠯᠴᠠᠵᠤ᠂ ᠬᠡᠭᠡᠯᠲᠦᠭᠦᠯᠭᠡ ᠶᠢᠨ | ᠮᠡᠷᠭᠡᠵᠢᠯ ᠢ ᠲᠦᠷᠭᠡᠨ ᠪᠣᠯᠪᠠᠰᠤᠷᠠᠩᠭᠤᠢ ᠡᠵᠡᠮᠰᠢᠭᠰᠡᠨ ᠪᠠᠶᠢᠨ᠎ᠠ᠃ 2023 ᠣᠨ ᠳᠤ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠨᠠᠰᠤᠨᠪᠠᠭᠠᠲᠤᠷ ᠤᠨ ᠬᠢᠨ ᠢ ᠠᠶᠢᠮᠠᠭ ᠤᠨ ᠲᠠᠰ ᠤᠨ ᠰᠢᠮᠧᠨ᠋ᠲ᠋ᠠᠷ | ᠦᠬᠡᠷ ᠤᠨ ᠭᠤᠣᠯᠳᠠᠯᠭᠠᠲᠤ ᠰᠦᠷᠦᠭ ᠤᠨ ᠲᠡᠵᠢᠭᠡᠨ ᠦᠷᠡᠵᠢᠭᠦᠯᠬᠦ ᠡᠷᠦᠬᠡ ᠪᠠᠷ ᠦᠨᠡᠯᠡᠨ ᠲᠣᠭᠲᠠᠭᠠᠵᠤ᠂ ᠡᠭᠦᠯᠳᠡᠷ | ᠰᠠᠶᠢᠵᠢᠷᠠᠭᠤᠯᠤᠭᠰᠠᠨ ᠠᠴᠠ ᠨᠠᠰᠤᠨᠪᠠᠭᠠᠲᠤᠷ ᠤᠨ ᠦᠬᠡᠷ ᠴᠥᠭᠡᠨ᠂ ᠣᠷᠣᠯᠭ᠎ᠠ ᠰᠠᠶᠢᠨ᠂ ᠣᠷᠣᠭᠤᠯᠤᠯᠲᠠ ᠪᠠᠷ | ᠪᠠᠭ᠎ᠠ᠂ ᠮᠠᠯ ᠤᠨ ᠠᠰᠢᠭ ᠰᠢᠮ᠎ᠠ ᠥᠨᠳᠥᠷ ᠪᠠᠶᠢᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠭᠰᠠᠨ ᠮᠠᠯ ᠠᠵᠤ | ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠨᠠᠰᠤᠨᠪᠠᠭᠠᠲᠤᠷ ᠮᠠᠯᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ | ᠮᠠᠯᠵᠢᠬᠤ ᠦᠢᠯᠡᠳᠪᠤᠷᠢᠯᠡᠯ ᠤᠨ ᠰᠠᠭᠤᠷᠢ ᠲᠦᠬᠦᠭᠡᠷᠦᠮᠵᠢ ᠶᠢᠨ ᠨᠥᠬᠦᠴᠡᠯ ᠢᠶᠠᠨ ᠰᠠᠶᠢᠵᠢᠷᠠᠭᠤᠯᠬᠤ ᠪᠠᠷ ᠳᠡᠮᠵᠢᠨ᠂ | ᠬᠡᠪᠴᠢᠶᠡᠵᠢᠭᠰᠡᠨ᠂ ᠠᠵᠤ ᠦᠢᠯᠡᠰᠵᠢᠭᠰᠡᠨ ᠮᠠᠯ ᠮᠠᠯᠵᠢᠬᠤ ᠵᠠᠮ ᠢ ᠰᠦᠪᠡᠭᠴᠢᠯᠡᠭᠰᠡᠨ ᠪᠠᠶᠢᠨ᠎ᠠ᠃ ᠲᠡᠷᠡ ᠥᠪᠡᠷ ᠤᠨ | ᠨᠤᠳᠤᠭ ᠪᠤᠯᠤᠨ ᠳᠠᠭᠠᠭᠠᠴᠢᠯᠠᠭᠰᠠᠨ ᠨᠤᠳᠤᠭ ᠤᠨ ᠲᠠᠭᠠᠭᠠᠴᠠ ᠳᠤ ᠪᠠᠨ ᠲᠤᠬᠢᠷᠠᠭᠤᠯᠤᠨ᠂ 30 ᠭᠠᠷᠤᠢ ᠰᠢᠮᠧᠨ᠋ᠲ᠋ᠠᠷ | ᠦᠬᠡᠷ᠂ 200 ᠭᠠᠷᠤᠢ ᠤᠷᠢᠶᠠᠩᠬᠠᠢ ᠬᠤᠴᠠ᠂ 230 ᠭᠠᠷᠤᠢ ᠠᠪᠠᠭ᠎ᠠ ᠬᠠᠷ᠎ᠠ ᠠᠳᠤᠭᠤ ᠮᠠᠯᠵᠢᠵᠤ ᠪᠠᠶᠢᠨ᠎ᠠ᠃ | ᠣᠳᠣᠬᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ᠂ ᠡᠯ᠎ᠡ ᠲᠦᠷᠦᠯ ᠤᠨ | ᠮᠠᠯ ᠠᠵᠤ ᠠᠬᠤᠢ ᠳᠤ ᠬᠡᠷᠡᠭᠯᠡᠬᠦ ᠲᠡᠷᠭᠡ ᠬᠥᠰᠬᠡ᠂ ᠵᠠᠮ ᠬᠠᠷᠢᠯᠴᠠᠭᠠᠨ ᠤ ᠪᠠᠭᠠᠵᠢ᠂ ᠮᠠᠯ ᠤᠨ ᠫᠧᠩ ᠬᠤᠷᠤᠭ᠎ᠠ᠂ | ᠮᠠᠰᠢᠨ ᠬᠤᠳᠳᠤᠭ ᠵᠡᠷᠭᠡ ᠰᠠᠭᠤᠷᠢ ᠲᠥᠬᠦᠭᠡᠷᠦᠮᠵᠢ ᠪᠠᠨ ᠮᠠᠰᠢ ᠨᠠᠷᠢᠯᠢᠭ ᠪᠦᠷᠢᠨᠰᠢᠬᠦᠯᠦᠭᠰᠡᠨ ᠪᠠᠶᠢᠳᠠᠭ᠃ | ᠲᠡᠷᠡ ᠪᠠᠰᠠ ᠬᠤᠯᠠ ᠣᠶᠢᠷ᠎ᠠ ᠳᠤ ᠪᠠᠨ ᠠᠯᠳᠠᠷᠰᠢᠭᠰᠠᠨ ᠠᠳᠤᠭᠤ ᠮᠠᠯᠵᠢᠬᠤ ᠲᠤᠰᠬᠠᠢ ᠡᠷᠦᠭᠡ ᠪᠠᠶᠢᠵᠤ᠂ | ᠴᠡᠭᠡ ᠢᠰᠭᠡᠵᠦ ᠪᠤᠷᠤᠯᠠᠭᠤᠯᠳᠠᠭ᠃ 2015 ᠣᠨ ᠠᠴᠠ ᠡᠬᠢᠯᠡᠨ ᠲᠡᠷᠡ ᠠᠳᠤᠭᠤᠨ ᠤ ᠠᠵᠤ ᠦᠢᠯᠡᠰ ᠢ | ᠬᠥᠭᠵᠢᠭᠦᠯᠵᠦ᠂ ᠠᠪᠠᠭ᠎ᠠ ᠬᠠᠷ᠎ᠠ ᠠᠳᠤᠭᠤ ᠮᠠᠯᠵᠢᠵᠤ ᠡᠬᠢᠯᠡᠪᠠ᠂ ᠲᠡᠬᠦᠨ ᠤ ᠠᠳᠤᠭᠤ ᠨᠢ ᠲᠠᠷᠭᠤ ᠬᠦᠴᠤ ᠰᠠᠶᠢᠳᠠᠢ᠂ | ᠬᠤᠷᠳᠤᠨ ᠬᠦᠶᠤᠳᠠᠯ ᠲᠠᠢ ᠪᠠᠶᠢᠳᠠᠭ ᠠᠴᠠ ᠵᠠᠬ᠎ᠠ ᠳᠡᠯᠭᠡᠭᠦᠷ ᠤᠨ ᠲᠠᠭᠠᠰᠢᠶᠠᠯ ᠢ ᠶᠡᠬᠡᠪᠡᠷ ᠣᠯᠣᠭᠰᠠᠨ ᠪᠠᠶᠢᠨ᠎ᠠ᠃ | 2016 ᠣᠨ ᠳᠤ ᠪᠠᠶᠢᠭᠠᠯᠢ ᠴᠡᠭᠡ ᠪᠣᠷᠤᠯᠠᠭᠤᠯᠬᠤ ᠲᠤᠰᠬᠠᠢ ᠬᠤᠷᠰᠢᠶᠠᠵᠢᠯ ᠢ ᠪᠠᠶᠢᠭᠤᠯᠵᠤ᠂ ᠠᠳᠤᠭᠤᠨ ᠤ ᠠᠵᠤ | ᠦᠢᠯᠡᠰ ᠤᠨ ᠠᠷᠭ᠎ᠠ ᠵᠠᠮ ᠢᠶᠠᠨ ᠥᠷᠭᠡᠳᠬᠡᠵᠦ᠂ 2019 ᠣᠨ ᠤ 5 ᠰᠠᠷ᠎ᠠ ᠳᠤ᠂ ᠥᠪᠥᠷ ᠮᠣᠩᠭᠤᠯ ᠤᠨ ᠮᠣᠩᠭᠤᠯ | ᠠᠳᠤᠭᠤᠨ ᠤ ᠡᠷᠡᠭᠦᠯ ᠮᠡᠨᠳᠦ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠪᠠᠶᠢᠭᠠᠯᠢ ᠴᠡᠭᠡ ᠪᠣᠷᠤᠯᠠᠭᠤᠯᠬᠤ | ᠲᠤᠰᠬᠠᠢ ᠬᠤᠷᠰᠢᠶᠠᠵᠢᠯ ︵6 ᠮᠠᠯᠴᠢᠨ ᠬᠤᠪᠢ ᠨᠡᠶᠢᠯᠡᠭᠦᠯᠦᠨ ᠪᠠᠶᠢᠭᠤᠯᠪᠠ︶ ᠲᠠᠢ ᠬᠠᠮᠲᠤᠷᠠᠨ᠂ ᠠᠪᠠᠭ᠎ᠠ | ᠬᠤᠰᠢᠭᠤᠨ ᠤ ᠬᠢᠯᠢᠩ ᠬᠠᠷ᠎ᠠ ᠠᠳᠤᠭᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ 2022 | ᠣᠨ ᠳᠤ ᠵᠠᠰᠠᠭ ᠤᠨ ᠣᠷᠳᠣᠨ ᠤ ᠳᠡᠮᠵᠢᠯᠭᠡ ᠪᠠᠷ᠂ 500 ᠬᠠᠪᠳᠠᠭᠠᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ | ᠮᠠᠰᠢᠨ ᠢᠶᠠᠷ ᠭᠡᠬᠦᠦ ᠰᠠᠭᠠᠬᠤ ᠫᠧᠩ ᠪᠠᠷᠢᠵᠦ᠂ 40 ᠭᠡᠭᠦᠦ ᠶᠢ 10 ᠮᠢᠨᠦ᠋ᠲ ᠣᠷᠴᠢᠮ ᠯᠡ ᠰᠠᠭᠠᠵᠦ᠂ ᠡᠳᠦᠷ ᠲᠤ | 400 ᠵᠢᠩ ᠴᠡᠭᠡ ᠢᠰᠭᠡᠨ᠂ ᠬᠥᠮᠥᠨ ᠤ ᠬᠦᠴᠦᠨ ᠢ ᠶᠡᠭᠡ ᠪᠠᠷ ᠠᠷᠪᠢᠯᠠᠭᠰᠠᠨ ᠤ ᠬᠠᠮᠲᠤ ᠠᠰᠢᠭ ᠣᠷᠣᠯᠭ᠎ᠠ | ᠦᠨᠳᠦᠷ ᠪᠠᠶᠢᠵᠦ᠂ 2023 ᠣᠨ ᠳᠤ ᠨᠠᠰᠤᠨᠪᠠᠭᠠᠲᠤᠷ ᠤᠨ ᠬᠢᠨ ᠤ ᠴᠡᠭᠡ ᠶᠢᠨ ᠪᠣᠷᠤᠯᠠᠭᠤᠯᠭ᠎ᠠ ᠶᠢᠨ ᠤᠷᠤᠯᠭ᠎ᠠ ᠨᠢ | 30 ᠲᠦᠮᠡᠨ ᠲᠥᠭᠦᠷᠢᠭ ᠲᠤ ᠬᠦᠷᠴᠠᠢ᠃ ᠡᠬᠦᠨ ᠠᠴᠠ ᠭᠠᠳᠠᠨ᠎ᠠ 100 ᠭᠠᠷᠤᠢ ᠤᠨᠠᠭ᠎ᠠ ᠬᠤᠳᠠᠯᠳᠤᠨ᠂ | ᠤᠨᠠᠭ᠎ᠠ ᠪᠦᠷᠢ ᠨᠢ 5000 ᠲᠥᠭᠦᠷᠢᠭ ᠤᠨ ᠦᠨ᠎ᠡ ᠲᠠᠭᠠᠭᠠᠵᠦ᠂ ᠠᠳᠤᠭᠤᠨ ᠤ ᠠᠵᠤ ᠦᠢᠯᠡᠰ ᠤᠨ ᠠᠰᠢᠭ | ᠣᠷᠣᠯᠭ᠎ᠠ ᠨᠢ 90 ᠲᠦᠮᠡᠨ ᠲᠥᠭᠦᠷᠢᠭ ᠲᠤ ᠬᠦᠷᠦᠭᠰᠨᠡ ᠪᠠᠶᠢᠨ᠎ᠠ᠃ | ᠨᠠᠰᠤᠨᠪᠠᠭᠠᠲᠤᠷ 12 ᠵᠢᠯ ᠤᠨ ᠲᠤᠷᠰᠢ ᠬᠤᠰᠢᠭᠤ ᠠᠷᠠᠳ ᠤᠨ ᠲᠥᠯᠥᠭᠡᠯᠡᠭᠴᠢ ᠶᠢᠨ ᠡᠬᠦᠷᠭᠡ ᠲᠤᠰᠢᠶᠠᠯ ᠢ | ᠬᠦᠯᠢᠶᠡᠵᠦ᠂ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠮᠦᠷᠳᠡᠭᠡᠨ | ᠭᠡᠷᠭᠡᠢ ᠰᠧᠪᠯᠠᠮᠠ ᠨᠢ 16 ᠵᠢᠯ ᠭᠠᠴᠠᠭᠠᠨ ᠤ ᠲᠥᠯᠥᠪᠯᠡᠭᠡᠲᠦ ᠦᠷᠡᠵᠢᠯ ᠤᠨ ᠠᠵᠢᠯᠲᠠᠨ ᠤ ᠲᠤᠰᠢᠶᠠᠯ ᠢ | ᠬᠠᠷᠢᠭᠤᠴᠠᠵᠤ ᠦᠩᠭᠡᠷᠡᠪᠡ᠂ ᠲᠠᠳᠠ ᠭᠡᠵᠢᠶᠡᠳᠡ ᠥᠪᠡᠷ ᠢ ᠪᠠᠨ ᠴᠢᠩᠭ᠎ᠠ ᠱᠠᠭᠠᠷᠳᠠᠵᠤ᠂ ᠭᠤᠶᠠᠴᠢ ᠦᠭᠡᠢ ᠵᠢᠳᠬᠦᠬᠦ᠂ | ᠠᠵᠢᠯ ᠦᠢᠯᠡᠰ ᠢᠶᠠᠨ ᠳᠡᠭᠡᠳᠦᠯᠡᠬᠦ ᠡᠷᠬᠢᠮ ᠰᠤᠷᠳᠠᠯ ᠢᠶᠠᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠮᠠᠯᠴᠢᠨ ᠲᠦᠮᠡᠨ ᠤ ᠬᠦᠴᠢᠷᠳᠡᠯ ᠢ ᠢᠳᠡᠪᠬᠢᠳᠠᠢ ᠰᠢᠢᠳᠪᠦᠷᠢᠯᠡᠵᠦ᠂ ᠪᠣᠳᠠᠲᠠᠢ ᠠᠵᠢᠯ | ᠬᠢᠵᠦ ᠥᠭᠭᠦᠭᠰᠡᠨ ᠪᠠᠶᠢᠨ᠎ᠠ᠃ | ᠨᠠᠰᠤᠨᠪᠠᠭᠠᠲᠤᠷ ᠰᠧᠪᠯᠠᠮᠠ ᠬᠤᠶᠠᠭᠤᠯᠠ ᠡᠬᠦᠳᠡ ᠡᠷᠦᠭᠡ ᠰᠡᠬᠦᠭᠰᠡᠨ ᠠᠴᠠ ᠪᠠᠨ ᠡᠬᠢᠯᠡᠨ᠂ ᠬᠠᠷᠢᠯᠴᠠᠨ ᠬᠠᠨᠢ | ᠲᠦᠰᠢᠭ ᠪᠤᠯᠤᠨ ᠪᠤᠳᠤᠯ ᠰᠡᠳᠬᠢᠯ ᠨᠢᠭᠡᠳᠠᠢ᠂ ᠰᠢᠷᠭᠠᠭᠤ ᠬᠥᠳᠡᠯᠮᠦᠷᠢᠯᠡᠵᠦ᠂ ᠠᠵᠦ ᠠᠮᠢᠳᠤᠷᠠᠯ ᠢᠶᠠᠨ ᠦᠭᠡᠳᠡ ᠨᠢ | ᠲᠠᠳᠠᠭᠰᠠᠭᠠᠷ ᠢᠷᠡᠪᠡ᠃ 2022 ᠣᠨ ᠳᠤ ᠡᠳᠡᠨᠡᠶᠢᠬᠢᠨ 210 ᠭᠠᠷᠤᠢ ᠬᠠᠪᠳᠠᠭᠠᠢ ᠳᠥᠷᠪᠡᠯᠵᠢᠨ ᠮᠧᠲᠷ ᠤᠨ | ᠬᠤᠶᠠᠷ ᠲᠠᠪᠬᠤᠷ ᠬᠡᠬᠡᠨᠴᠢᠷ ᠤᠷᠤᠨ ᠰᠠᠭᠤᠴᠨ ᠶᠢ ᠥᠪᠡᠷ ᠢᠶᠠᠨ ᠵᠢᠷᠤᠵᠤ ᠲᠦᠯᠦᠪᠯᠡᠵᠦ ᠪᠠᠷᠢᠭᠤᠯᠤᠨ᠂ ᠰᠠᠷᠠᠭᠤᠯ | ᠲᠤᠬᠢᠯᠢᠭ᠂ ᠰᠠᠭᠤᠬᠤ ᠳᠤ ᠲᠠᠭᠠᠯᠠᠮᠵᠢᠳᠠᠢ ᠪᠠᠶᠢᠵᠤ᠂ ᠬᠡᠷ ᠤᠨ ᠡᠳ᠋ᠯᠡᠯ ᠬᠡᠷᠡᠭᠰᠡᠯ ᠲᠡᠷᠡ ᠪᠦᠬᠦᠨ ᠨᠢ | ᠦᠨᠳᠦᠰᠦᠲᠡᠨ ᠤ ᠣᠨᠴᠠᠯᠢᠭ ᠪᠠ ᠤᠳᠤ ᠦᠶ᠎ᠡ ᠶᠢᠨ ᠣᠨᠴᠠᠯᠢᠭ ᠢ ᠤᠶᠠᠯᠳᠤᠭᠤᠯᠤᠭᠰᠠᠨ ᠪᠠᠶᠢᠳᠠᠭ᠃ | ᠠᠪᠤ ᠡᠵᠢ ᠪᠣᠯ ᠬᠡᠦᠬᠡᠳ ᠤᠨ ᠬᠠᠮᠤᠭ ᠤᠨ ᠰᠠᠶᠢᠨ ᠪᠠᠭᠰᠢ ᠮᠥᠨ ᠭᠡᠳᠡᠭ ᠢᠶᠠᠷ᠂ ᠨᠠᠰᠤᠨᠪᠠᠭᠠᠲᠤᠷ ᠭᠡᠷᠭᠡᠢ | ᠲᠠᠢ ᠪᠠᠨ ᠬᠤᠶᠠᠭᠤᠯᠠ ᠪᠠᠨ ᠥᠪᠡᠷ ᠤᠨ ᠪᠡᠶ᠎ᠠ ᠪᠠᠷ ᠢᠶᠠᠨ ᠬᠡᠪ ᠲᠠᠭᠤᠷᠢᠶᠡᠯ ᠪᠤᠯᠵᠦ᠂ ᠭᠡᠷ ᠪᠦᠯᠢ ᠶᠢᠨ ᠬᠦᠮᠦᠵᠢᠯ ᠢ | ᠬᠦᠨᠳᠦᠳᠬᠡᠨ ᠦᠵᠡᠳᠡᠭ ᠠᠴᠠ ᠬᠦᠤ ᠪᠤᠶᠡᠨᠬᠡᠰᠢᠭ ᠨᠢ ᠠᠪᠤ ᠡᠵᠢ ᠠᠬᠠᠰ ᠵᠠᠬᠠᠰ ᠢᠶᠠᠨ ᠬᠦᠨᠳᠦᠯᠡᠵᠦ᠂ ᠰᠤᠷᠤᠯᠭ᠎ᠠ | ᠬᠢᠴᠢᠶᠡᠯ ᠳᠤ ᠪᠠᠨ ᠰᠢᠮᠳᠠᠩᠭᠤᠢ᠂ ᠨᠡᠩ ᠴᠦ ᠠᠪᠤ ᠡᠵᠢ ᠶᠢᠨ ᠢᠶᠠᠨ ᠠᠵᠢᠯᠴᠢ ᠬᠦᠳᠡᠯᠮᠤᠷᠢᠴᠢ ᠰᠢᠯᠢᠳᠡᠭ ᠵᠠᠩ | ᠴᠢᠨᠠᠷ ᠢ ᠨᠢ ᠤᠯᠠᠮᠵᠢᠯᠠᠭᠰᠠᠨ ᠪᠠᠶᠢᠳᠠᠭ᠃ ᠤᠳᠤ ᠵᠢᠷᠤᠭᠯᠠᠭᠴᠢ ᠶᠢᠨ ᠮᠡᠷᠬᠡᠵᠢᠯ ᠰᠤᠷᠤᠯᠴᠠᠬᠤ ᠶᠢᠨ ᠬᠠᠮᠳᠤ | ᠰᠤᠷᠤᠯᠭ᠎ᠠ ᠶᠢᠨ ᠴᠢᠯᠤᠬᠡ ᠪᠠᠨ ᠠᠰᠢᠭᠯᠠᠨ ᠵᠢᠷᠤᠭᠯᠠᠭᠴᠢ ᠶᠢᠨ ᠠᠵᠢᠯ ᠦᠢᠯᠡᠰ ᠲᠤ ᠪᠠᠨ ᠬᠢᠯᠠᠷᠠᠭᠤᠯᠵᠤ ᠶᠠᠪᠤᠨ᠎ᠠ᠃ | ᠠᠶᠢᠮᠠᠭ᠂ ᠤᠷᠤᠨ ᠤ ᠲᠡᠰ ᠤᠨ ᠬᠡᠷᠡᠯ ᠵᠢᠷᠤᠭ ᠤᠨ ᠤᠷᠤᠯᠳᠤᠭᠠᠨ ᠵᠢᠴᠢ ᠲᠠᠯᠬᠡᠨ ᠦᠵᠡᠬᠦᠯᠬᠡ ᠳᠤ ᠤᠳᠠᠭ᠎ᠠ | ᠲᠠᠷᠠᠭᠠᠯᠠᠨ ᠰᠢᠯᠢᠳᠡᠭ ᠬᠢᠷᠢ ᠪᠦᠳᠤᠮᠵᠢ ᠤᠯᠬᠤ ᠶᠢᠨ ᠲᠠᠭᠠᠤ ᠰᠤᠷᠭᠠᠭᠤᠯᠢ ᠶᠢᠨ ᠲᠡᠰ ᠵᠢᠴᠢ ᠤᠷᠤᠨ ᠤ ᠲᠡᠰ ᠤᠨ | ᠭᠤᠷᠪᠠᠨ ᠰᠠᠶᠢᠡᠳᠠᠢ ᠰᠤᠷᠤᠭᠴᠢ ᠶᠢᠨ ᠢᠷᠠᠭᠤ ᠠᠯᠳᠠᠷ ᠢ ᠬᠦᠷᠳᠡᠵᠤ ᠤᠷᠮ᠎ᠠ ᠵᠤᠷᠢᠭ ᠢᠶᠠᠨ ᠬᠦᠪᠴᠢᠯᠡᠵᠤ ᠶᠠᠪᠤᠨ᠎ᠠ᠃ | ᠪᠤᠶᠡᠨᠬᠡᠰᠢᠭ ᠠᠮᠠᠷᠠᠯᠳᠠ ᠶᠢᠨ ᠬᠤᠭᠤᠴᠠᠭᠠᠨ ᠳᠤ ᠪᠠᠨ ᠭᠡᠷᠡᠯ ᠵᠢᠷᠤᠭ ᠤᠨ ᠮᠠᠰᠢᠨ ᠢᠶᠠᠨ ᠡᠭᠦᠷᠴᠦ᠂ ᠵᠢᠷᠭᠠᠯᠠᠩᠲᠤ ᠶᠢᠨ | ᠲᠠᠯ᠎ᠠ ᠨᠤᠲᠤᠭ ᠤᠨ ᠦᠡᠭᠬᠡ ᠦᠵᠡᠮᠵᠢ᠂ ᠮᠠᠯᠵᠢᠬᠤ ᠠᠮᠢᠳᠤᠷᠠᠯ ᠢ ᠵᠢᠷᠤᠭᠯᠠᠵᠤ ᠶᠠᠪᠤᠳᠠᠭ᠃ ᠦᠵᠡᠰᠬᠦᠯᠡᠩᠳᠦ | ᠰᠠᠶᠢᠬᠠᠨ ᠦᠯᠦᠭᠡᠢ ᠨᠤᠲᠤᠭ ᠨᠢ ᠪᠣᠶᠠᠨᠬᠡᠰᠢᠭ ᠲᠤ ᠭᠡᠷᠡᠯ ᠵᠢᠷᠤᠭ ᠤᠨ ᠤᠷᠠᠯᠢᠭ ᠤᠨ ᠤᠷ᠎ᠠ ᠠᠪᠢᠶᠡᠰ ᠢᠶᠠᠨ | ᠪᠠᠳᠠᠷᠠᠭᠤᠯᠬᠤ ᠳᠤ ᠪᠤᠷᠤ ᠮᠠᠲ᠋ᠧᠷᠢᠶᠠᠯ ᠪᠤᠯᠵᠦ᠂ ᠤᠷᠠᠨ ᠰᠡᠳᠬᠢᠮᠵᠢ ᠬᠠᠶᠢᠷᠠᠯᠠᠵᠦ ᠪᠠᠶᠢᠳᠠᠭ ᠨᠢ ᠭᠠᠷᠴᠠᠭ᠎ᠠ ᠦᠬᠡᠢ᠃ | ᠨᠠᠰᠤᠨᠪᠠᠭᠠᠲᠤᠷ ᠭᠡᠷᠭᠡᠢ ᠲᠠᠢ ᠪᠠᠨ ᠬᠤᠶᠠᠭᠤᠯᠠ ᠤᠷ᠎ᠠ ᠤᠬᠠᠭᠠᠨ᠂ ᠬᠦᠴᠦ ᠬᠦᠳᠡᠯᠮᠤᠷᠢ ᠪᠠᠷ ᠢᠶᠠᠨ | ᠥᠪᠡᠷ ᠤᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠵᠤ᠂ ᠠᠵᠤ ᠦᠢᠯᠡᠰ ᠢᠶᠠᠨ ᠬᠦᠭᠵᠢᠬᠦᠯᠬᠦ ︽ᠰᠢᠨ᠎ᠠ ᠴᠠᠭ | ᠦᠶ᠎ᠡ ᠰᠢᠯᠢᠳᠡᠭ ᠮᠠᠯᠴᠢᠨ ᠤ ᠳᠠᠭᠤᠤ︾ ᠶᠢ ᠦᠷᠭᠦᠯᠵᠢᠯᠡᠨ ᠬᠠᠩᠭᠢᠨᠠᠭᠤᠯᠵᠤ ᠶᠠᠪᠤᠨ᠎ᠠ᠃ |