ᠮᠤᠷᠢᠨ ᠮᠡᠷᠭᠡᠵᠢᠯ ᠳᠤ ᠴᠠᠭᠠᠷᠠᠭᠰᠠᠨ ᠮᠠᠯᠴᠢᠨ ᠦᠬᠢᠨ ᠰᠤᠯᠤᠩᠭ᠎ᠠ
ᠨᠡᠶᠢᠲᠡᠯᠡᠭᠰᠡᠨ ᠴᠠᠭ᠄
2024/6/19
     ᠠᠪᠠᠭ᠎ᠠ ᠬᠤᠰᠢᠭᠤᠨ ᠤ ᠪᠠᠯᠬᠦᠳᠠᠢ ᠪᠠᠯᠭᠠᠰᠤᠨ ᠤ ᠪᠠᠶᠠᠨᠪᠢᠯᠢᠭ᠍ᠳᠦ ᠭᠠᠴᠠᠭ᠎ᠠ ᠪᠠᠷ ᠨᠤᠳᠤᠭᠳᠠᠢ ᠮᠠᠯᠴᠢᠨ ᠦᠬᠢᠨ ᠰᠤᠯᠤᠩᠭ᠎ᠠ ᠮᠤᠷᠢᠨ ᠮᠡᠷᠭᠡᠵᠢᠯ ᠳᠤ ᠴᠠᠭᠠᠷᠠᠵᠦ᠂ ᠡᠯ᠎ᠡ ᠵᠦᠢᠯ ᠤᠨ ᠤᠷᠤᠯᠳᠤᠭᠠᠨ ᠮᠦᠷᠦᠶᠢᠴᠡᠭᠡᠨ ᠢᠶᠠᠷ  ᠬᠢᠯᠠᠷᠠᠭᠤᠯᠵᠦ᠂ ᠤᠯᠠᠨ ᠤ ᠠᠩᠬᠠᠷᠤᠯ ᠳᠤ ᠬᠦᠷᠴᠦ ᠶᠠᠪᠤᠨ᠎ᠠ᠃      ᠰᠤᠯᠤᠩᠭ᠎ᠠ ᠶᠢᠨ ᠠᠪᠤ ᠨᠢ ᠮᠤᠷᠢ ᠤᠨᠤᠵᠦ᠂ ᠡᠮᠨᠢᠭ ᠰᠤᠷᠭᠠᠬᠤ ᠲᠠᠯ᠎ᠠ ᠪᠠᠷ ᠲᠤᠷ᠎ᠠ ᠪᠠᠭ᠋ᠠᠳᠠᠢ ᠪᠠᠶᠢᠳᠠᠭ ᠠᠴᠠ ᠠᠪᠤ ᠶᠢᠨ ᠢᠶᠠᠨ ᠨᠦᠯᠦᠭᠡ ᠪᠠᠷ ᠰᠤᠯᠤᠩᠭ᠎ᠠ ᠬᠠᠷᠠᠬᠠᠨ ᠪᠠᠭ᠎ᠠ ᠠᠴᠠ ᠪᠠᠨ ᠮᠤᠷᠢᠨ ᠳᠤ ᠪᠠᠭ᠋ᠠᠳᠠᠢ ᠪᠤᠯᠵᠦ᠂ ᠠᠪᠤ ᠪᠠᠨ ᠲᠠᠭᠠᠵᠦ ᠮᠤᠷᠢ ᠤᠨᠤᠵᠦ ᠬᠤᠨᠢ ᠮᠠᠯ ᠢᠶᠠᠨ ᠬᠤᠷᠢᠶᠠᠵᠦ᠂ ᠠᠷᠤ ᠭᠡᠷ ᠲᠤ ᠪᠠᠨ ᠲᠤᠰᠠ ᠲᠠᠮ ᠪᠤᠯᠳᠠᠭ᠃ ᠤᠤᠯ  ᠠᠴᠠ ᠪᠠᠨ ᠮᠤᠷᠢᠨ ᠳᠤ ᠪᠠᠭ᠋ᠠᠳᠠᠢ ᠲᠡᠷᠡᠪᠡᠷ ᠬᠤᠷᠢᠨ ᠨᠢᠭᠡᠨ ᠨᠠᠰᠤᠳᠠᠢ ᠠᠴᠠ ᠪᠠᠨ ᠡᠬᠢᠯᠡᠨ ᠦᠪᠡᠷᠳᠡᠭᠡᠨ ᠮᠤᠷᠢᠨ ᠲᠡᠭᠡᠷ᠎ᠡ ᠠᠴᠠ ᠬᠠᠳᠠᠭ ᠰᠢᠬᠦᠷᠡᠬᠦ᠂ ᠮᠤᠷᠢ ᠤᠨᠤᠵᠦ ᠲᠦᠩᠰᠡ ᠲᠤᠭᠤᠷᠢᠬᠤ᠂ ᠨᠠᠮᠨᠠᠬᠤ ᠵᠡᠷᠭᠡ ᠮᠤᠷᠢᠨ ᠮᠡᠷᠭᠡᠵᠢᠯ ᠢ ᠬᠠᠳᠠᠭᠤᠵᠢᠯᠳᠠᠢ ᠰᠤᠷᠤᠯᠴᠠᠵᠦ᠂ ᠤᠯᠠᠨ ᠤᠯᠠᠨ ᠱᠠᠩᠨᠠᠯ ᠮᠧᠳᠡᠯ ᠢᠶᠠᠷ ᠡᠩᠭᠡᠷ ᠢᠶᠠᠨ ᠮᠢᠯᠢᠶᠠᠯᠭᠠᠭᠰᠠᠭᠠᠷ ᠢᠷᠠᠵᠠᠢ᠃      ᠤᠶᠢᠷᠠᠬᠠᠨ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠳᠤ ᠶᠠᠪᠤᠭᠳᠠᠭᠰᠠᠨ ᠲᠤᠮᠳᠠᠳᠦ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠳᠦ ᠠᠵᠢᠯᠯᠠᠭ᠎ᠠ ᠵᠢᠴᠢ 2024 ᠤᠨ ᠤ ᠮᠤᠩᠭᠤᠯ ᠮᠤᠷᠢᠨ ᠤ ᠬᠤᠯᠪᠤᠭᠠᠳᠦ ᠤᠷᠤᠯᠳᠤᠭᠠᠨ ᠤ ᠬᠠᠳᠠᠭ ᠰᠢᠬᠦᠷᠡᠬᠦ ᠤᠷᠤᠯᠳᠤᠭᠠᠨ ᠳᠤ ᠰᠤᠯᠤᠩᠭ᠎ᠠ 6 ᠬᠠᠳᠠᠭ ᠰᠢᠬᠦᠷᠡᠵᠦ᠂ ᠲᠦᠳᠦᠭᠡᠷ ᠪᠠᠶᠢᠷᠢᠨ ᠳᠤ ᠲᠤᠳᠤᠷᠠᠨ᠂ ᠪᠠᠰᠠ ᠮᠤᠷᠢ ᠪᠠᠨ ᠬᠦᠳᠦᠯᠦᠭᠡᠳ ᠲᠦᠩᠰᠡ ᠲᠤᠭᠤᠷᠢᠵᠦ ᠬᠦᠴᠦᠨ ᠵᠠᠯᠭᠠᠬᠤ ᠤᠷᠤᠯᠳᠤᠭᠠᠨ ᠳᠤ ᠢᠳᠡᠪᠬᠢᠳᠠᠢ ᠤᠷᠤᠯᠴᠠᠭᠰᠠᠨ ᠪᠠᠶᠢᠨ᠎ᠠ᠃      ᠰᠤᠯᠤᠩᠭ᠎ᠠ᠄ ︽ᠪᠢ ᠪᠠᠭ᠎ᠠ ᠠᠴᠠ ᠪᠠᠨ ᠮᠤᠷᠢ ᠤᠨᠤᠬᠤ ᠲᠤᠷᠠᠳᠠᠢ᠂ ᠲᠡᠶᠢᠮᠦ ᠤᠴᠢᠷ ᠮᠠᠯ ᠤᠨᠤᠭ᠎ᠠ ᠲᠠᠢ  ᠪᠠᠨ ᠤᠶᠢᠷᠠᠬᠠᠨ ᠪᠠᠶᠢᠬᠤ ᠶᠢ ᠪᠤᠳᠤᠵᠦ ᠰᠤᠷᠭᠠᠭᠤᠯᠢ ᠪᠠᠨ ᠲᠡᠬᠦᠰᠦᠮᠡᠭᠴᠡ ᠬᠦᠳᠡᠭᠡ ᠪᠠᠨ ᠬᠠᠷᠢᠵᠦ ᠮᠠᠯᠴᠢᠨ ᠵᠠᠶᠠᠭ᠎ᠠ ᠲᠦᠰᠢᠵᠠᠢ᠃ ᠪᠢ ᠮᠤᠩᠭᠤᠯ ᠮᠤᠷᠢᠨ ᠳᠤ ᠪᠠᠨ ᠬᠠᠶᠢᠷᠠᠳᠠᠢ ᠪᠠᠶᠢᠳᠠᠭ ᠤᠨ ᠤᠴᠢᠷ ᠬᠤᠵᠢᠮ ᠮᠤᠷᠢᠨ ᠮᠡᠷᠭᠡᠵᠢᠯ ᠢᠶᠠᠨ ᠨᠡᠩ ᠰᠠᠶᠢᠨ ᠪᠤᠯᠪᠠᠰᠤᠷᠠᠵᠦ᠂ ᠬᠡᠤᠭᠡᠳ ᠲᠡᠬᠦᠦᠨᠠᠷ ᠲᠤ ᠪᠠᠨ ᠵᠢᠭᠠᠵᠦ ᠤᠯᠠᠮᠵᠢᠯᠠᠨ᠎ᠠ᠂ ᠮᠦᠨ ᠴᠦ ᠲᠤᠷ᠎ᠠ ᠪᠠᠬ᠎ᠠ᠂ ᠠᠵᠢᠯ ᠦᠢᠯᠡᠰ ᠢ ᠮᠢᠨᠢ ᠲᠡᠮᠵᠢᠳᠡᠭ ᠠᠪᠤ ᠡᠵᠢ ᠨᠠᠶᠢᠵᠠ ᠨᠦᠬᠦᠳ ᠨᠠᠷ ᠲᠤ ᠪᠠᠨ ᠪᠠᠶᠠᠷᠯᠠᠯ᠎ᠠ︾ ᠭᠡᠵᠦ ᠶᠠᠷᠢᠯ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号