ᠨᠠᠷᠠᠨᠪᠤᠯᠠᠭ ᠰᠤᠮᠤᠨ ᠤ ᠭᠠᠴᠠᠭ᠎ᠠ ᠳᠡᠰ ᠤᠨ ᠮᠤᠩᠭᠤᠯ ᠮᠤᠷᠢᠨ ᠤ ᠬᠤᠯᠪᠤᠭᠠᠳᠦ ᠤᠷᠤᠯᠳᠤᠭᠠᠨ ᠳᠤ ᠲᠠᠪᠢᠭᠠᠳ ᠮᠤᠷᠢ ᠬᠤᠷᠳᠤᠯᠠᠯ᠎ᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 10 ᠤ ᠡᠳᠦᠷ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠲᠦ ᠤᠷᠤᠯᠳᠤᠭᠠᠨ ᠤ ᠠᠪᠠᠭ᠎ᠠ ᠬᠤᠰᠢᠭᠤᠨ ᠳᠠᠬᠢ ᠬᠤᠪᠢᠶᠠᠷᠢ ᠲᠠᠯᠠᠪᠠᠢ ᠤᠷᠤᠯᠳᠤᠭᠠᠨ ᠤ ᠨᠠᠷᠠᠨᠪᠤᠯᠠᠭ ᠰᠤᠮᠤᠨ ᠤ ᠭᠠᠴᠠᠭ᠎ᠠ ᠳᠡᠰ ᠤᠨ ᠬᠤᠯᠪᠤᠭᠠᠳᠦ ᠤᠷᠤᠯᠳᠤᠭᠠᠨ ᠨᠠᠷᠠᠨᠪᠤᠯᠠᠭ ᠰᠤᠮᠤᠨ ᠤ ︽ᠠᠭᠠᠷᠬᠠᠯ︾ ᠠᠳᠤᠭᠤᠨ ᠤ ᠦᠢᠯᠡᠰ ᠤᠨ ᠲᠤᠰᠬᠠᠢ ᠬᠤᠷᠰᠢᠶᠠᠵᠢᠯ ᠤᠨ ᠲᠠᠯᠠᠪᠠᠢ ᠳᠤ ᠶᠠᠪᠤᠭᠳᠠᠯ᠎ᠠ᠃      ᠡᠨᠡᠬᠦ ᠮᠤᠩᠭᠤᠯ ᠮᠤᠷᠢᠨ ᠤ ᠤᠷᠤᠯᠳᠤᠭᠠᠨ ᠨᠢ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠪᠠ 30 ᠭᠠᠵᠠᠷ ᠤᠨ ᠬᠦᠴᠦᠨ ᠵᠠᠯᠭᠠᠬᠤ ᠤᠷᠤᠯᠳᠤᠭᠠᠨ ᠤ ᠬᠡᠯᠪᠡᠷᠢ ᠪᠠᠷ᠂ 9 ᠭᠠᠴᠠᠭ᠎ᠠ ᠬᠤᠶᠠᠷ ᠲᠤᠭᠤᠶᠢᠯᠠᠩ ᠬᠤᠪᠢᠶᠠᠨ ᠶᠠᠪᠤᠭᠳᠠᠭᠤᠯᠵᠦ᠂  ᠲᠠᠪᠢ ᠭᠠᠷᠤᠢ ᠬᠦᠯᠦᠭ ᠬᠤᠷᠳᠤᠯᠠᠭᠤᠯᠵᠠᠢ᠃      ᠤᠨᠤᠭᠰᠠᠨ ᠡᠵᠡᠨ ᠨᠢ ᠬᠤᠷᠳᠤᠨ ᠬᠦᠯᠦᠭ ᠲᠠᠢ ᠪᠠᠨ ᠡᠪ ᠢᠶᠠᠷ ᠵᠤᠬᠢᠴᠠᠨ᠂ ᠢᠳᠡᠭᠡᠯ ᠲᠡᠬᠦᠯᠳᠡᠷ ᠪᠠᠶᠢᠬᠤ  ᠳᠤ᠂ ᠤᠷᠤᠯᠳᠤᠭᠠᠨ ᠮᠤᠷᠢᠳ ᠰᠢᠨᠳᠡᠰᠦ ᠰᠢᠯᠭᠠᠯᠴᠠᠨ᠂ ︽ᠲᠠᠰᠪᠤᠷᠢ ᠬᠠᠳᠠᠭᠤᠵᠢᠯᠳᠠᠢ᠂ ᠴᠤᠴᠠᠯᠲᠠ ᠦᠬᠡᠢ ᠤᠷᠤᠭᠰᠢᠯᠠᠬᠤ᠂  ᠵᠤᠷᠢᠭᠰᠠᠨ ᠳᠤ ᠪᠠᠨ ᠬᠦᠷᠬᠦ ᠠᠴᠠ ᠪᠤᠴᠠᠬᠤ ᠦᠬᠡᠢ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠬᠠᠷᠠᠭᠤᠯᠤᠨ᠂ ᠬᠦᠯᠦᠭ ᠤᠨ ᠲᠠᠪᠬᠢᠭᠠᠨ᠂ ᠤᠤᠬᠠᠶᠢᠯᠠᠬᠤ ᠲᠠᠭᠤᠨ ᠬᠤᠷᠠᠭᠰᠠᠨ ᠤᠯᠠᠨ ᠤ ᠬᠡᠶᠢᠮᠤᠷᠢ ᠰᠡᠷᠬᠦᠭᠡᠵᠦ᠂ ᠤᠷᠤᠯᠳᠤᠭᠠᠨ ᠤ ᠠᠭᠤᠷ ᠠᠮᠢᠰᠬᠤᠯ ᠢ ᠬᠦᠷ ᠬᠦᠭᠵᠢᠶᠡᠨ ᠢᠶᠠᠷ ᠪᠢᠯᠬᠠᠭᠤᠯᠵᠠᠢ᠃      ᠤᠷᠤᠯᠳᠤᠭᠠᠨ ᠤ ᠳ᠋ᠦᠩ ᠳᠤ᠂ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠤ ᠳᠤᠭᠤᠶᠢᠯᠠᠩ ᠪᠦᠷᠢ ᠶᠢᠨ ᠲᠦᠷᠦᠬᠦᠦ ᠠᠷᠪᠠ ᠪᠣᠯᠣᠨ 30 ᠭᠠᠵᠠᠷ ᠤᠨ ᠬᠦᠴᠦᠨ ᠵᠠᠯᠭᠠᠬᠤ ᠤᠷᠤᠯᠳᠤᠭᠠᠨ ᠤ ᠳᠤᠭᠤᠶᠢᠯᠠᠩ ᠪᠦᠷᠢ  ᠳᠤ  ᠲᠦᠷᠦᠬᠦᠨ ᠰᠢᠯᠭᠠᠷᠠᠭᠤᠯᠵᠤ᠂ ᠰᠤᠮᠤᠨ ᠤ ᠲᠠᠰ ᠤᠨ ᠤᠷᠤᠯᠳᠤᠭᠠᠨ ᠳᠤ ᠤᠷᠤᠯᠴᠠᠭᠤᠯᠬᠤ ᠪᠠᠷ ᠪᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号