︽ᠰᠢᠯᠢ ᠶᠢᠨ ᠭᠤᠤᠯ ᠠᠶᠢᠮᠠᠭ ᠤᠨ ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ | ᠢᠨᠵᠧᠨᠧᠷᠢᠩ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠤᠨ | ᠪᠢᠴᠢᠭ ᠮᠠᠲ᠋ᠧᠷᠢᠶᠠᠯ ᠢ ᠦᠨᠳᠦᠰᠦᠯᠡᠨ᠂ ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠪᠠᠨ ᠳᠠᠭᠠᠭᠠᠵᠤ | ᠭᠤᠶᠤᠴᠢᠯᠠᠨ ᠮᠡᠳᠡᠭᠦᠯᠬᠦ ᠪᠠᠷ ᠳᠠᠮᠵᠢᠨ᠂ ᠭᠠᠴᠠᠭ᠎ᠠ ᠰᠤᠮᠤ ᠲᠠᠨᠢᠯᠴᠠᠭᠤᠯᠬᠤ᠂ ᠬᠤᠰᠢᠭᠤ ᠱᠠᠲᠤ ᠬᠢᠨᠠᠨ | ᠬᠠᠷᠭᠤᠭᠤᠯᠬᠤ ᠪᠠᠷ ᠳᠠᠮᠵᠢᠨ᠂ ᠠᠪᠠᠭ᠎ᠠ ᠬᠤᠰᠢᠭᠤᠨ ᠤ ᠹᠦ᠋ ᠵᠧᠦ ᠣᠢ ᠰᠢᠭᠤᠢ ᠶᠢᠨ ᠦᠢᠯᠡᠰ ᠤᠨ ᠲᠠᠷᠢᠵᠤ | ᠤᠷᠭᠤᠭᠤᠯᠬᠤ ᠲᠠᠷᠢᠶᠠᠴᠢᠳ ᠤᠨ ᠬᠤᠷᠰᠢᠶᠠᠵᠢᠯ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠲᠠᠯ᠎ᠠ | ᠨᠣᠳᠤᠭ ᠤᠨ ᠹᠧᠩ ᠶᠤᠸᠠᠨ ᠶᠡᠷᠦᠩᠬᠡᠶᠢᠯᠡᠭᠰᠡᠨ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ᠂ ᠠᠪᠠᠭ᠎ᠠ | ᠬᠤᠰᠢᠭᠤᠨ ᠤ ᠸᠧᠢ ᠨᠢ ᠰᠧ ᠦᠬᠡᠷ ᠪᠤᠶᠢᠵᠢᠭᠤᠯᠬᠤ ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠷᠦᠢ ᠹᠧᠩ | ᠪᠤᠷᠳᠤᠭ᠎ᠠ ᠦᠢᠯᠡᠳᠪᠦᠷᠢᠯᠡᠬᠦ ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠷᠦᠩ ᠴᠤᠸᠠᠩ ᠮᠠᠯ ᠠᠵᠤ | ᠠᠬᠤᠢ ᠶᠢᠨ ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠴᠧᠩ ᠶᠦᠨ ᠦᠬᠡᠷ ᠬᠤᠨᠢ ᠪᠤᠷᠳᠤᠨ | ᠲᠠᠷᠭᠤᠯᠠᠭᠤᠯᠬᠤ ᠲᠤᠰᠬᠠᠢ ᠬᠤᠷᠰᠢᠶᠠᠵᠢᠯ᠂ ᠠᠪᠠᠭ᠎ᠠ ᠰᠢ ᠯᠢᠨ ᠮᠦ ᠶᠤᠸᠠᠨ ᠦᠬᠡᠷ ᠬᠤᠨᠢ ᠲᠡᠵᠢᠭᠡᠨ ᠦᠷᠡᠵᠢᠭᠦᠯᠬᠦ | ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠢ ᠱᠧᠩ ᠦᠬᠡᠷ ᠲᠡᠵᠢᠭᠡᠬᠦ | ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠵᠤᠭᠠᠴᠠᠯ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ᠂ | ᠠᠪᠠᠭ᠎ᠠ ᠬᠤᠰᠢᠭᠤᠨ ᠤ ᠰᠢᠨ ᠯᠧᠢ ᠮᠠᠯᠴᠢᠳ ᠤᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠠᠪᠠᠭ᠎ᠠ | ᠬᠤᠰᠢᠭᠤᠨ ᠤ ᠬᠤᠩᠭᠤᠷᠭᠤᠣᠯ ᠪᠠᠯᠭᠠᠰᠤᠨ ᠤ ᠪᠠᠶᠠᠨᠪᠦ᠋ᠷᠢᠳᠦ ᠮᠢᠩ ᠵᠢᠶᠧ ᠮᠠᠯ ᠠᠵᠤ ᠠᠬᠤᠢ ᠶᠢᠨ ᠣᠯᠠᠨ | ᠲᠥᠷᠥᠯ ᠤᠨ ᠡᠵᠡᠩᠨᠡᠯᠲᠡ ᠶᠢᠨ ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠬᠠᠷᠭ᠎ᠠ ᠤᠯᠠᠮᠵᠢᠯᠠᠯᠲᠤ ᠲᠡᠵᠢᠭᠡᠨ | ᠦᠷᠡᠵᠢᠭᠦᠯᠬᠦ ᠲᠤᠰᠬᠠᠢ ᠬᠤᠷᠰᠢᠶᠠᠵᠢᠯ᠂ ᠠᠪᠠᠭ᠎ᠠ ᠬᠤᠰᠢᠭᠤᠨ ᠤ ᠬᠤᠯᠠᠲᠤ ᠲᠠᠷᠢᠶᠠᠯᠠᠩ ᠮᠠᠯ ᠠᠵᠤ ᠠᠬᠤᠢ ᠶᠢᠨ | ᠲᠤᠰᠬᠠᠢ ᠬᠤᠷᠰᠢᠶᠠᠵᠢᠯ ᠵᠡᠷᠭᠡ 13 ᠬᠤᠷᠰᠢᠶᠠᠵᠢᠯ ᠨᠢ ᠮᠠᠨ ᠤ ᠬᠤᠰᠢᠭᠤᠨ ᠤ 2024 ᠣᠨ ᠳᠤ ᠠᠪᠠᠭ᠎ᠠ | ᠬᠤᠰᠢᠭᠤᠨ ᠤ ᠡᠯᠡᠰᠦ ᠶᠢ ᠰᠡᠷᠭᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠱᠠᠭᠠᠷᠳᠠᠯᠭ᠎ᠠ ᠳᠤ | ᠨᠡᠶᠢᠴᠡᠵᠦ ᠪᠠᠶᠢᠨ᠎ᠠ᠃ ᠡᠳᠦᠭᠡ ᠵᠠᠷᠯᠠᠨ ᠨᠡᠶᠢᠲᠡᠯᠡᠶ᠎ᠡ᠃ | ᠢᠯᠡ ᠨᠡᠶᠢᠲᠡᠯᠡᠬᠦ ᠴᠠᠭ᠄ 2024 ᠣᠨ ᠤ 6 ᠰᠠᠷ᠎ᠠ ᠶᠢᠨ 11 ᠤ ᠡᠳᠦᠷ ᠠᠴᠠ 6 ᠰᠠᠷ᠎ᠠ ᠶᠢᠨ 14 ᠤ | ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠤ ᠰᠠᠨᠠᠯ ᠲᠠᠢ ᠪᠠᠶᠢᠪᠠᠯ᠂ ᠵᠠᠬᠢᠳᠠᠯ | ᠢᠷᠡᠭᠦᠯᠬᠦ᠂ ᠤᠲᠠᠰᠤ ᠢᠷᠡᠭᠦᠯᠬᠦ᠂ ᠵᠠᠬᠢᠳᠡᠯ ᠰᠤᠷᠪᠣᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠰᠢᠭᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ | ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠲᠥᠪ ᠭᠤᠣᠯᠴᠢ ᠪᠠᠶᠢᠵᠤ᠂ ᠦᠨᠡᠨ ᠪᠣᠳᠠᠲᠠᠢ ᠣᠪᠣᠭ ᠨᠡᠷ᠎ᠡ | ᠪᠠ ᠭᠠᠷ ᠤᠨ ᠦᠰᠦᠭ ᠵᠢᠷᠤᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠬᠦ ᠶᠢ ᠰᠠᠨᠠᠭᠠᠴᠢᠯᠠᠵᠤ | ᠪᠠᠶᠢᠨ᠎ᠠ᠃ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠭᠦᠢᠴᠡᠳᠬᠡᠨ᠎ᠡ᠃ | ᠬᠠᠷᠢᠯᠴᠠᠬᠤ ᠣᠳᠠᠰᠣ᠄ 0479-2022745 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ | ᠠᠶᠢᠮᠠᠭ ᠤᠨ ᠠᠪᠠᠭ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠠᠯᠪᠠᠨ ᠭᠡᠷ | ᠢᠮᠧᠯ᠄ xmabgq _cyjl@126.com | ᠠᠪᠠᠭ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 6 ᠰᠠᠷ᠎ᠠ ᠶᠢᠨ 11 ᠤ ᠡᠳᠦᠷ |