ᠬᠤᠰᠢᠭᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ ᠶᠢ ᠬᠢᠨᠠᠨ ᠵᠥᠪᠯᠡᠵᠦ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠵᠡᠷᠭᠡ ᠶᠠᠪᠤᠳᠠᠯ ᠢ ᠰᠤᠳᠤᠯᠪᠠ᠃ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ ︽ᠢᠦᠢ ᠹᠧᠩ ᠠᠵᠢᠯᠯᠠᠭ᠎ᠠ︾ ᠲᠠᠢ ᠤᠶᠠᠯᠳᠤᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠡᠭᠦᠨ ᠤ ᠬᠠᠮᠲᠤ ᠡᠯᠡᠰᠦᠷᠬᠡᠭᠵᠢᠯ ᠢ ᠵᠠᠰᠠᠬᠤ ᠪᠠ ᠠᠵᠤ ᠦᠢᠯᠡᠰ ᠤᠨ ᠡᠯᠡᠰᠦ ᠶᠢ ᠵᠠᠰᠠᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠪᠠᠭ᠎ᠠ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠦᠷᠦᠯ ᠵᠦᠢᠯ ᠢ ᠣᠷᠬᠢᠭᠳᠠᠭᠤᠯᠬᠤ ᠦᠭᠡᠢ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠤᠰᠬᠠᠢ ᠲᠦᠷᠦᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠰᠢᠯᠢᠳᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠬᠠᠨᠳᠤᠯᠭᠠᠲᠤ ᠴᠢᠨᠠᠷ ᠢ ᠦᠨᠡᠨᠬᠦ ᠴᠢᠩᠭᠠᠳᠬᠠᠨ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠲᠦᠷᠦᠯ ᠵᠦᠢᠯ ᠤᠨ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号