ᠠᠪᠠᠭ᠎ᠠ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 24 ᠤ ᠡᠳᠦᠷ᠂ ᠠᠪᠠᠭ᠎ᠠ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠳᠤ ᠶᠠᠪᠤᠭᠳᠠᠪᠠ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠪᠠ ᠤᠯᠤᠰ ᠤᠨ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠠᠵᠢᠯᠯᠠᠭ᠎ᠠ ᠳᠤ ᠬᠤᠰᠢᠭᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠸᠠᠩ ᠮᠢᠨ ᠢ ᠤᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠤᠨ ᠲᠤᠭᠤᠷᠢᠨ ᠳᠤ ᠭᠤᠣᠯᠳᠠᠯᠭ᠎ᠠ ᠲᠠᠢ ᠲᠠᠶᠢᠯᠪᠤᠷᠢᠯᠠᠯᠲᠠ ᠬᠢᠯᠭᠡᠵᠦ᠂ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠤᠷᠢ ᠶᠢᠨ ᠪᠥᠬᠦ ᠠᠵᠢᠯᠲᠠᠨ ᠢᠳᠡᠪᠬᠢᠲᠡᠢ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠸᠠᠩ ᠮᠢᠨ ᠪᠠᠭᠰᠢ ᠡᠯᠪᠡᠭ ᠪᠠᠶᠠᠯᠢᠭ ᠲᠡᠦᠬᠡ ᠶᠢᠨ ᠪᠣᠳᠠᠲᠤ ᠶᠠᠪᠤᠳᠠᠯ᠂ ᠠᠮᠢᠳᠤᠯᠢᠭ ᠬᠡᠷᠡᠭ ᠤᠨ ᠵᠢᠱᠢᠶ᠎ᠡ ᠪᠣᠯᠤᠨ ᠣᠶᠢᠯᠠᠭᠠᠮᠵᠢᠲᠠᠢ ᠬᠡᠯᠡ ᠬᠡᠯᠡᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ᠂ ᠴᠢᠬᠤᠯᠠ ᠴᠢᠨᠠᠷ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠪᠣᠳᠠᠲᠠᠢ ᠦᠢᠯᠡᠳᠦᠯᠭᠡ ᠶᠢᠨ ᠠᠷᠭ᠎ᠠ ᠵᠠᠮ ᠢ ᠰᠢᠰᠲ᠋ᠧᠮ ᠲᠠᠢ ᠲᠠᠶᠢᠯᠪᠤᠷᠢᠯᠠᠪᠠ᠃ ᠦᠨᠳᠦᠰᠦᠲᠡᠨ ᠨᠦᠭᠦᠳ ᠤᠷᠳᠤ ᠤᠳᠠᠭᠠᠨ ᠲᠡᠦᠬᠡᠨ ᠶᠠᠪᠤᠴᠠ ᠳᠤ ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ ᠡᠭᠦᠳᠴᠦ᠂ ᠭᠠᠭᠴᠠ ᠬᠦ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠪᠡᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃      ᠠᠵᠤ ᠠᠬᠤᠶᠢᠯᠠᠯ ᠤᠨ ᠠᠵᠢᠯᠲᠠᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ ᠨᠠᠷᠢᠨ ᠬᠢᠨᠠᠮᠠᠭᠠᠶ ᠰᠣᠨᠣᠰᠴᠤ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠡᠮᠵᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ ᠨᠠᠩ ᠲᠣᠳᠣᠷᠬᠠᠶ᠂ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠬᠥᠭᠵᠢᠯᠲᠡ ᠪᠠ ᠨᠡᠶᠢᠭᠡᠮ ᠤᠨ ᠪᠦᠯᠬᠦᠮᠳᠡᠯ ᠲᠣᠭᠲᠠᠭᠤᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号