ᠠᠪᠠᠭ᠎ᠠ ᠬᠤᠰᠢᠭᠤᠨ ᠤ ᠤᠢ ᠰᠢᠭᠤᠢ ᠲᠠᠯ᠎ᠠ ᠨᠣᠳᠤᠭ ᠪᠠ ᠤᠰᠤᠨ ᠠᠰᠢᠭᠯᠠᠯᠳᠠ ᠶᠢᠨ ᠲᠤᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 24 ᠤ ᠡᠳᠦᠷ᠂ ᠠᠪᠠᠭ᠎ᠠ ᠬᠤᠰᠢᠭᠤᠨ ᠤ ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠲᠣᠪᠴᠢᠶ᠎ᠠ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠷᠢᠭᠤᠨ ᠶᠣᠰᠣᠯᠠᠯ ᠳᠤ ᠤᠷᠤᠯᠴᠠᠵᠤ᠂ ᠤᠢ ᠰᠢᠭᠤᠢ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠫᠠᠶᠢᠰᠠ ᠶᠢ ᠰᠡᠬᠦᠪᠡ᠃ ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠲᠣᠪᠴᠢᠶᠠᠨ ᠤ ᠪᠠᠭ ᠤᠨ ᠪᠦᠷᠢᠯᠳᠦᠬᠦᠨ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃      ᠬᠤᠰᠢᠭᠤ ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠬᠤ ᠪᠣᠯ ᠬᠤᠰᠢᠭᠤ ᠣᠶ ᠰᠢᠭᠤᠶ ᠪᠠ ᠨᠣᠳᠤᠭ ᠪᠡᠯᠴᠢᠭᠡᠷ ᠤᠨ ᠲᠣᠪᠴᠢᠶ᠎ᠠ ᠪᠠ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠂ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠪᠠ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠵᠤ᠂ ᠡᠯ᠎ᠡ ᠵᠦᠢᠯ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃     ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠪᠠᠶᠢᠭᠤᠯᠤᠭᠳᠠᠭᠰᠠᠨ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠡᠷᠡᠰ ᠪᠠᠲᠤ ᠵᠣᠷᠢᠭ ᠢ ᠭᠦᠢᠴᠡᠳ ᠢᠯᠡᠷᠡᠭᠦᠯᠵᠦ᠂ ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠥᠬᠦ ᠬᠤᠰᠢᠭᠤᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠬᠠᠮᠠᠭᠠᠯᠠᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠳᠤ ᠨᠠᠩ ᠠᠰᠢᠭᠲᠠᠶ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠳᠤ ᠠᠰᠢᠭᠲᠠᠶ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠠᠪᠠᠭ᠎ᠠ ᠬᠤᠰᠢᠭᠤ ᠶᠢ ᠪᠥᠲᠥᠭᠡᠨ ᠪᠠᠶᠢᠭᠤᠯᠬᠤ᠂ ᠣᠶ ᠰᠢᠭᠤᠶ ᠲᠠᠯ᠎ᠠ ᠨᠣᠳᠤᠭ ᠪᠠ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号