ᠠᠪᠠᠭ᠎ᠠ ᠬᠤᠰᠢᠭᠤ ᠣᠷᠣᠨ ᠨᠤᠲᠤᠭ ᠤᠨ ᠤᠨᠴᠠᠯᠢᠭᠳᠤ ᠴᠠᠭᠠᠨ ᠢᠳᠡᠭᠡᠨ ᠤ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠶ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 18 ᠤ ᠡᠳᠦᠷ᠂ ᠠᠪᠠᠭ᠎ᠠ ᠬᠤᠰᠢᠭᠤᠨ ᠤ ᠰᠦᠨ ᠤ ᠦᠢᠯᠡᠰ ᠤᠨ ᠨᠡᠶᠢᠭᠡᠮᠯᠢᠭ ᠪᠣᠯᠤᠨ ᠥᠪᠥᠷ ᠮᠣᠩᠭᠤᠯ ᠤᠨ ᠬᠤᠨᠢᠨ ᠳᠡᠭᠡᠵᠢ ᠬᠦᠳᠡᠭᠡ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠭᠵᠢᠬᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠪᠠᠭ᠎ᠠ ᠬᠤᠰᠢᠭᠤᠨ ᠤ ᠬᠤᠪᠢᠶᠠᠷᠢ ᠺᠣᠮᠫᠠᠨᠢ ᠨᠢ ︽ᠠᠪᠠᠭ᠎ᠠ ᠬᠤᠰᠢᠭᠤᠨ ᠤ︿ᠮᠸᠡᠭ ᠳ᠋ᠦᠡᠭ ᠰᠢ ᠢᠥᠢ﹀ ᠶᠢᠨ ᠤᠨᠴᠠᠯᠢᠬᠳᠤ ᠴᠠᠭᠠᠨ ᠢᠳᠡᠭᠡᠨ ᠤ ᠲᠤᠰᠬᠠᠢ ᠡᠵᠡᠩᠨᠡᠯᠲᠡ ᠶᠢᠨ ᠳᠡᠯᠭᠡᠭᠦᠷ︾ ᠲᠤ ᠠᠵᠤ ᠠᠬᠤᠶᠢᠯᠠᠯ ᠤᠨ ᠣᠷᠣᠨ ᠨᠤᠲᠤᠭ ᠤᠨ ᠤᠨᠴᠠᠯᠢᠬᠳᠤ ᠴᠠᠭᠠᠨ ᠢᠳᠡᠭᠡᠨ ᠤ ᠰᠢᠷᠢᠰ ᠪᠦᠲᠦᠭᠡᠭᠳᠡᠬᠦᠨ ᠢ ᠦᠨᠡᠯᠡᠨ ᠰᠢᠯᠭᠠᠷᠠᠭᠤᠯᠬᠤ ᠠᠵᠢᠯᠯᠠᠭ᠎ᠠ ᠶᠢ ᠬᠠᠮᠲᠤᠷᠠᠨ ᠡᠷᠬᠢᠯᠡᠪᠡ᠃      ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ᠂ ᠠᠵᠢᠯᠲᠠᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠴᠠᠭᠠᠨ ᠢᠳᠡᠭᠡᠨ ᠪᠤᠯᠪᠠᠰᠤᠷᠠᠭᠤᠯᠤᠬᠴᠢ᠂ ᠳᠤᠷ᠎ᠠ ᠪᠠᠭ᠋ᠠᠲᠠᠶ ᠬᠥᠮᠦᠰ ᠠᠬᠤᠢ ᠲᠠᠯᠠᠪᠠᠶ ᠳᠤ  ᠰᠢᠯᠭᠠᠷᠠᠭᠤᠯᠬᠤ ᠶᠢᠨ ᠳᠠᠭᠠᠤ ᠵᠢᠭᠠᠨ ᠵᠢᠯᠤᠭᠤᠳᠴᠦ᠂ ᠠᠪᠠᠭ᠎ᠠ ᠬᠤᠰᠢᠭᠤᠨ ᠤ ᠴᠠᠭᠠᠨ ᠢᠳᠡᠭᠡᠨ ᠤ ᠠᠵᠢᠯ ᠲᠦᠷᠦᠯ ᠤᠨ ᠨᠡᠶᠢᠭᠡᠮᠯᠢᠭ ᠪᠣᠯᠤᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠢᠯ ᠢ ᠵᠣᠬᠢᠬᠤ ᠬᠡᠮᠵᠢᠶ᠎ᠡ ᠪᠠᠷ ᠨᠤᠲᠠᠯᠠᠵᠤ᠂ ᠴᠠᠭᠠᠨ ᠢᠳᠡᠭᠡᠨ ᠤ ᠴᠤᠭᠯᠠᠭᠠᠨ ᠢ ᠬᠠᠮᠲᠤᠪᠠᠷ ᠡᠬᠢᠯᠡᠭᠦᠯᠪᠡ᠃︽ᠥᠪᠥᠷ ᠮᠣᠩᠭᠤᠯ ᠤᠨ ᠬᠤᠨᠢᠨ ᠲᠡᠭᠡᠵᠢ ᠬᠦᠳᠡᠭᠡ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠭᠵᠢᠬᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠪᠠᠭ᠎ᠠ  ᠬᠤᠰᠢᠭᠤᠨ ᠤ ᠬᠤᠪᠢᠶᠠᠷᠢ ᠺᠣᠮᠫᠠᠨᠢ︾ ᠨᠢ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠦᠨᠡᠯᠡᠨ ᠰᠢᠯᠭᠠᠷᠠᠭᠤᠯᠬᠤ ᠲᠤᠭᠤᠷᠢᠭ ᠲᠤᠬᠢᠷᠠᠭᠤᠯᠤᠨ᠂ ᠥᠪᠡᠷᠮᠢᠴᠡ ᠦᠨᠦᠷ ᠠᠮᠲᠠ ᠲᠠᠢ ᠡᠭᠡᠳᠡᠭᠰᠡᠨ ᠰᠦ ᠵᠢᠴᠢ ᠤᠯᠠᠨ ᠶᠠᠩᠵᠦ ᠬᠡᠯᠪᠡᠷᠢ ᠶᠢᠨ ᠴᠠᠭᠠᠨ ᠢᠳᠡᠭᠡᠨ   ᠤ ᠰᠢᠷᠢᠰ ᠪᠦᠲᠦᠭᠡᠭᠳᠡᠬᠦᠨ ᠢ ᠪᠠᠭᠲᠠᠭᠠᠭᠰᠠᠨ ᠣᠯᠠᠨ ᠲᠦᠷᠦᠯ ᠤᠨ ᠴᠠᠭᠠᠨ ᠢᠳᠡᠭᠡᠨ ᠢ ᠪᠡᠯᠡᠳᠬᠡᠵᠡᠶ᠃ ᠬᠤᠷᠠᠭᠰᠠᠨ ᠤᠯᠠᠨ ᠮᠠᠨᠢ ᠥᠩᠭᠡ ᠪᠤᠳᠤᠭ᠂ ᠦᠨᠦᠷ ᠠᠮᠲᠠ ᠶᠢ ᠨᠢ ᠦᠨᠳᠦᠰᠦᠯᠡᠨ᠂ ᠲᠦᠷᠦᠯ ᠪᠦᠷᠢ ᠶᠢᠨ ᠴᠠᠭᠠᠨ ᠢᠳᠡᠭᠡᠨ ᠢ ᠨᠠᠷᠢᠨ ᠨᠢᠮᠪᠠᠶ ᠠᠮᠳᠠᠯᠠᠨ ᠰᠢᠯᠭᠠᠷᠠᠭᠤᠯᠵᠦ᠂ ᠦᠪᠡᠷᠰᠡᠳ ᠤᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠴᠠᠭᠠᠨ ᠢᠳᠡᠭᠡᠨ ᠬᠤᠳᠠᠯᠳᠤᠨ ᠠᠪᠤᠭᠰᠠᠨ ᠪᠠ ᠠᠮᠳᠠᠯᠠᠭᠰᠠᠨ ᠲᠤᠷᠰᠢᠯᠭ᠎ᠠ ᠪᠠᠨ ᠰᠣᠯᠢᠯᠴᠠᠪᠠ᠃      ᠦᠳᠡ ᠶᠢᠨ ᠬᠤᠶᠢᠨ᠎ᠠ ᠨᠢ᠂ ᠰᠢᠷᠠᠰᠤ ᠪᠠᠷ ᠤᠬᠢᠶᠠᠯᠭ᠎ᠠ ᠶᠢᠨ ᠰᠢᠩᠭᠡᠨ ᠦᠢᠯᠡᠳᠬᠦ ᠪᠣᠯᠪᠠᠰᠤᠷᠠᠯ ᠢ ᠡᠷᠬᠢᠯᠡᠪᠡ᠃ ᠡᠨᠡ ᠲᠠᠯ᠎ᠠ ᠪᠠᠷ ᠲᠤᠷ᠎ᠠ ᠰᠣᠨᠢᠷᠬᠠᠯ ᠲᠠᠢ ᠬᠦᠮᠦᠰ ᠢᠳᠡᠪᠬᠢᠲᠡᠶ ᠣᠷᠣᠯᠴᠠᠵᠤ᠂ ᠰᠢᠷᠠᠰᠦ ᠪᠠᠷ ᠤᠬᠢᠶᠠᠯᠭ᠎ᠠ ᠶᠢᠨ ᠰᠢᠩᠭᠡᠨ ᠦᠢᠯᠡᠳᠬᠦ ᠨᠢᠭᠤᠴᠠ ᠶᠢ ᠬᠠᠮᠲᠤ ᠪᠠᠷ ᠬᠠᠶᠢᠭᠰᠠᠨ ᠪᠠᠶᠢᠨ᠎ᠠ᠃ ᠲᠤᠰᠬᠠᠶ ᠮᠡᠷᠭᠡᠵᠢᠯ ᠤᠨ ᠪᠠᠭᠰᠢ ᠠᠴᠠ ᠰᠢᠷᠠᠰᠤ ᠪᠠᠷ ᠤᠬᠢᠶᠠᠯᠭ᠎ᠠ ᠶᠢᠨ ᠰᠢᠩᠭᠡᠨ ᠦᠢᠯᠡᠳᠬᠦ ᠤᠭ ᠶᠣᠰᠣ᠂ ᠬᠡᠷᠡᠭᠰᠡᠬᠦ ᠮᠠᠲ᠋ᠧᠷᠢᠶᠠᠯ ᠵᠢᠴᠢ ᠵᠠᠩᠭᠢᠯᠠᠭ᠎ᠠ ᠶᠢᠨ ᠠᠯᠬᠤᠮ ᠳᠠᠷᠠᠭ᠎ᠠ ᠶᠢ ᠨᠠᠷᠢᠨ ᠲᠠᠶᠢᠯᠪᠦᠷᠢᠯᠠᠪᠠ᠃      ᠥᠪᠥᠷ ᠮᠣᠩᠭᠤᠯ ᠤᠨ ᠬᠤᠨᠢᠨ ᠳᠡᠭᠡᠵᠢ ᠬᠦᠳᠡᠭᠡ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠭᠵᠢᠬᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠪᠠᠭ᠎ᠠ ᠬᠤᠰᠢᠭᠤᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠲᠤᠩᠭᠠᠯᠠᠭ᠄ ︽ᠲᠤᠰ  ᠤᠳᠠᠭᠠᠨ ᠤ ᠠᠵᠢᠯᠯᠠᠭ᠎ᠠ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠶᠢ ᠤᠯᠵᠦ᠂ ᠰᠦᠨ ᠤ ᠦᠢᠯᠡᠰ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠤᠤᠷ᠎ᠠ᠂ ᠭᠤᠣᠯᠳᠠᠭᠤ ᠮᠠᠨ ᠤ ᠠᠵᠤ ᠠᠬᠤᠶᠢᠯᠠᠯ ᠤᠨ ᠰᠢᠨ᠎ᠡ ᠪᠦᠲᠦᠭᠡᠭᠳᠡᠬᠦᠨ ᠢ ᠳᠡᠯᠭᠡᠷᠡᠭᠦᠯᠵᠦ᠂ ᠤᠯᠠᠨ ᠤ ᠬᠦᠷᠢᠶᠡᠯᠡᠯ ᠢ ᠶᠡᠬᠡᠳᠡ ᠤᠯᠤᠯ᠎ᠠ᠃ ᠪᠢᠳᠡ ᠪᠣᠯ SC ᠦᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠴᠠᠭᠠᠨ  ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠪᠤᠯᠤᠨ᠎ᠠ᠂ ᠬᠤᠶᠢᠰᠢᠳᠠ ᠨᠠᠩ ᠣᠯᠠᠨ ᠨᠠᠩ ᠰᠢᠯᠢᠳᠡᠭ ᠴᠠᠭᠠᠨ ᠢᠳᠡᠭᠡᠨ ᠢ ᠵᠠᠯᠭᠠᠪᠠᠷ ᠪᠤᠯᠪᠠᠰᠤᠷᠠᠭᠤᠯᠤᠨ ᠭᠠᠷᠭᠠᠵᠤ᠂ ᠵᠠᠬ᠎ᠠ ᠳᠡᠯᠭᠡᠭᠦᠷ ᠲᠤ ᠳᠡᠯᠭᠡᠷᠡᠭᠦᠯᠦᠨ ᠪᠣᠷᠣᠯᠠᠭᠤᠯᠬᠤ ᠠᠵᠢᠯ ᠢ ᠰᠠᠶᠢᠲᠤᠷ ᠬᠢᠵᠦ᠂ ᠠᠪᠠᠭ᠎ᠠ ᠬᠤᠰᠢᠭᠤᠨ ᠤ ︿ᠮᠸᠡᠭ ᠳ᠋ᠦᠡᠭ ᠰᠢ ᠢᠥᠢ﹀ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠣᠷᠣᠨ ᠨᠤᠲᠤᠭ ᠤᠨ ᠤᠨᠴᠠᠯᠢᠭᠳᠤ ᠪᠦᠲᠦᠭᠡᠭᠳᠡᠬᠦᠨ ᠤ ᠠᠯᠳᠠᠷᠰᠢᠯ ᠢ ᠪᠥᠬᠦ ᠤᠯᠤᠰ ᠤᠨ ᠡᠯ᠎ᠡ ᠭᠠᠵᠠᠷ ᠲᠤ ᠳᠡᠯᠭᠡᠷᠡᠭᠦᠯᠵᠦ᠂ ᠨᠠᠩ ᠶᠡᠭᠡ ᠦᠷ᠎ᠡ ᠠᠰᠢᠭ ᠢ ᠴᠢᠷᠮᠠᠶᠢᠨ ᠡᠭᠦᠳᠬᠦ ᠪᠣᠯᠤᠨ᠎ᠠ︾ ᠭᠡᠪᠡ᠃      ︽ᠠᠪᠠᠭ᠎ᠠ ᠬᠤᠰᠢᠭᠤᠨ ᠤ  ︿ᠮᠸᠡᠭ ᠳ᠋ᠦᠡᠭ ᠰᠢ ᠢᠥᠢ﹀   ᠶᠢᠨ ᠤᠨᠴᠠᠯᠢᠬᠳᠤ ᠴᠠᠭᠠᠨ ᠢᠳᠡᠭᠡᠨ ᠤ ᠲᠤᠰᠬᠠᠶ ᠡᠵᠡᠩᠨᠡᠯᠲᠡ ᠶᠢᠨ ᠳᠡᠯᠭᠡᠭᠦᠷ︾ ᠪᠠ ᠰᠦᠨ ᠤ ᠦᠢᠯᠡᠰ ᠤᠨ ᠨᠡᠶᠢᠭᠡᠮᠯᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯ ᠮᠠᠨ ᠤ ᠬᠤᠰᠢᠭᠤᠨ ᠤ ︽ᠮᠸᠡᠭ ᠳ᠋ᠦᠡᠭ ᠰᠢ ᠢᠥᠢ︾ ᠶᠢᠨ ᠤᠷᠤᠨ ᠪᠦᠰᠡ ᠶᠢᠨ ᠨᠠᠷᠠᠲᠤ ᠲᠡᠮᠳᠡᠭᠲᠦ ᠮᠠᠯ ᠤᠨ ᠠᠰᠢᠭ ᠰᠢᠮ᠎ᠡ ᠪᠠ ︽ᠠᠪᠠᠭ᠎ᠠ ᠴᠡᠭᠡ︾ ᠵᠢᠴᠢ ︽ᠰᠢᠯᠢ ᠶᠢᠨ ᠭᠤᠤᠯ  ᠴᠠᠭᠠᠨ ᠢᠳᠡᠭᠡᠨ︾ ᠢ ᠲᠥᠪᠯᠡᠷᠡᠭᠦᠯᠦᠨ ᠳᠡᠯᠭᠡᠷᠡᠭᠦᠯᠬᠦ ᠳᠡᠯᠭᠡᠭᠦᠷ ᠪᠣᠯᠤᠨ᠎ᠠ᠃  ᠲᠡᠷᠡ ᠨᠢ ︽ᠰᠣᠶᠣᠯ + ᠪᠦᠲᠦᠭᠡᠭᠳᠡᠬᠦᠨ + ᠪᠣᠷᠣᠯᠠᠭᠤᠯᠭ᠎ᠠ + ᠰᠤᠳᠤᠯᠤᠨ ᠰᠤᠷᠤᠯᠴᠠᠬᠤ︾ ᠵᠠᠭᠪᠤᠷ ᠢᠶᠠᠷ ᠮᠠᠨ ᠤ ᠬᠤᠰᠢᠭᠤᠨ ᠤ ᠣᠷᠣᠨ ᠨᠤᠲᠤᠭ ᠤᠨ ᠣᠨᠴᠠᠯᠢᠭ ᠲᠠᠢ ᠡᠯ᠎ᠡ ᠲᠥᠷᠥᠯ ᠤᠨ ᠮᠠᠯ ᠤᠨ ᠠᠰᠢᠭ ᠰᠢᠮ᠎ᠡ ᠶᠢ ᠳᠡᠯᠭᠡᠷᠡᠭᠦᠯᠵᠦ᠂ ︽ᠮᠸᠡᠭ ᠳ᠋ᠦᠡᠭ ᠰᠢ ᠢᠥᠢ  ︾᠂ ︽ᠳᠤᠮᠳᠠᠳᠤ ᠤᠯᠤᠰ ᠤᠨ ᠴᠡᠭᠡ ᠶᠢᠨ ᠨᠤᠲᠤᠭ︾ ᠵᠡᠷᠭᠡ ᠮᠠᠨ ᠤ ᠬᠤᠰᠢᠭᠤᠨ ᠤ ᠴᠢᠬᠤᠯᠠ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭᠲᠦ ᠶᠢ ᠭᠤᠤᠯᠳᠠᠯᠭ᠎ᠠ ᠲᠠᠢ ᠲᠠᠨᠢᠯᠴᠠᠭᠤᠯᠵᠤ᠂ ᠰᠠᠷ᠎ᠠ ᠪᠦᠷᠢ 2 — 3 ᠤᠳᠠᠭ᠎ᠠ ᠶᠢᠨ ᠴᠡᠭᠡ ᠪᠠ ᠴᠠᠭᠠᠨ ᠢᠳᠡᠭᠡᠨ ᠤ ᠪᠦᠲᠦᠭᠡᠭᠳᠡᠬᠦᠨ ᠪᠤᠯᠪᠠᠰᠤᠷᠠᠭᠤᠯᠬᠤ ᠪᠣᠯᠪᠠᠰᠤᠷᠠᠯ᠂ ᠨᠢᠭᠡ ᠤᠳᠠᠭᠠᠨ ᠤ ᠸᠢᠳᠢᠤ᠋ ᠪᠢᠴᠢᠯᠭᠡ ᠶᠢᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠵᠢᠴᠢ ᠵᠠᠯᠠᠭᠤᠴᠤᠳ ᠪᠠᠭᠠᠴᠤᠳ ᠤᠨ ᠴᠠᠭᠠᠨ ᠢᠳᠡᠭᠡᠨ ᠤ ᠰᠣᠶᠣᠯ᠂ ᠤᠳᠬ᠎ᠠ ᠤᠷᠠᠯᠢᠭ ᠢ ᠤᠯᠠᠮᠵᠢᠯᠠᠬᠤ ᠪᠣᠯᠪᠠᠰᠤᠷᠠᠯ ᠵᠡᠷᠭᠡ ᠠᠵᠢᠯ ᠢ ᠥᠷᠨᠢᠭᠦᠯᠬᠦ ᠪᠠᠷ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号