6 ᠰᠠᠷ᠎ᠠ ᠶᠢᠨ 14 ᠤ ᠡᠳᠦᠷ᠂ ᠠᠪᠠᠭ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠰᠦᠨᠦᠬᠡᠯᠲᠡ ᠶᠢᠨ ᠲᠠᠶᠢᠯᠠᠯᠳᠤᠭᠠᠨ ᠤ ᠢᠨᠵᠧᠨᠧᠷᠢᠩ ᠤᠨ ᠲᠥᠷᠥᠯ ᠵᠤᠶᠢᠯ ᠢ ᠬᠡᠷᠡᠭᠵᠢᠭᠦᠯᠬᠦ ᠭᠤᠤᠯ | ᠴᠣᠭᠴᠠ ᠲᠠᠯᠠᠪᠠᠢ ᠳᠤ ᠤᠷᠤᠬᠤ ᠶᠣᠰᠣᠯᠠᠯ ᠵᠢᠴᠢ ᠠᠵᠢᠯ ᠤᠨ ᠪᠣᠯᠪᠠᠰᠤᠷᠠᠯ ᠤᠨ ᠠᠬᠤᠢ ᠲᠠᠯᠠᠪᠠᠶ ᠶᠢᠨ ᠬᠤᠷᠠᠯ | ᠴᠠᠭᠠᠨᠨᠠᠭᠤᠷ ᠪᠠᠯᠭᠠᠰᠤᠨ ᠤ ᠦᠷᠭᠡᠨ᠋ᠠᠤᠡᠳᠤᠷᠤᠯ ᠭᠠᠴᠠᠭᠠᠨ ᠳᠤ ᠶᠠᠪᠤᠭᠳᠠᠵᠤ᠂ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠠᠷᠢᠭᠤᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ | ᠵᠢᠴᠢ ᠭᠠᠴᠠᠭ᠎ᠠ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠤᠷᠤᠯᠴᠠᠪᠠ᠃ | ᠠᠷᠢᠭᠤᠨ ᠴᠢᠬᠤᠯᠠᠴᠢᠯᠠᠬᠤ ᠳᠠᠭᠠᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠᠴᠢᠮ ᠲᠤᠯᠭᠠᠮ᠎ᠠ | ᠴᠢᠨᠠᠷ᠂ ᠬᠠᠲᠠᠭᠤ ᠪᠡᠷᠬᠡᠰᠢᠶᠡᠯᠲᠦ ᠴᠢᠨᠠᠷ ᠪᠤᠯᠤᠨ ᠤᠳᠠᠭᠠᠨ ᠳᠠᠭᠠᠭᠠᠮᠠᠭᠠᠢ ᠴᠢᠨᠠᠷ ᠢ ᠬᠦᠢᠴᠡᠳ ᠲᠠᠨᠢᠵᠤ᠂ ᠪᠦᠬᠦ | ᠬᠤᠰᠢᠭᠤᠨ ᠤ ᠪᠤᠳᠠᠳᠦ ᠪᠠᠶᠢᠳᠠᠯ ᠳᠤ ᠵᠤᠬᠢᠴᠠᠭᠰᠠᠨ ᠠᠮᠢ ᠠᠬᠤᠢ ᠵᠠᠰᠠᠯᠳᠠ ᠶᠢᠨ ᠬᠡᠪ ᠵᠠᠭᠪᠤᠷ ᠢ ᠢᠳᠡᠪᠬᠢᠳᠠᠢ | ᠰᠦᠪᠡᠭᠴᠢᠯᠡᠨ᠂ ᠰᠢᠨᠵᠢᠯᠡᠬᠦ ᠤᠬᠠᠭᠠᠨᠴᠢ ᠠᠷᠭ᠎ᠠ ᠪᠤᠳᠤᠯᠭ᠎ᠠ ᠠᠪᠴᠦ᠂ ᠦᠷᠬᠦᠯᠵᠢᠯᠡᠨ ᠬᠦᠴᠦᠯᠡᠨ ᠴᠢᠷᠮᠠᠶᠢᠵᠦ | ᠪᠠᠶᠢᠭᠠᠳ ᠰᠦᠨᠦᠭᠡᠯᠳᠡ ᠶᠢᠨ ᠲᠠᠶᠢᠯᠠᠯᠳᠤᠭᠠᠨ ᠤ ᠡᠯ᠎ᠡ ᠲᠠᠯ᠎ᠠ ᠶᠢᠨ ᠠᠵᠢᠯ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠬᠦ | ᠬᠡᠷᠡᠭᠲᠡᠢ᠃ ᠨᠢᠭᠡ ᠴᠤᠭᠴᠠᠵᠢᠭᠤᠯᠤᠭᠰᠠᠨ ᠬᠠᠮᠠᠭᠠᠯᠠᠯᠲᠠ ᠪᠤᠯᠤᠨ ᠵᠠᠰᠠᠯᠲᠠ ᠶᠢᠨ ᠰᠢᠰᠲ᠋ᠧᠮ ᠢ ᠴᠢᠩᠭᠠᠳᠬᠠᠵᠤ᠂ | ᠲᠤᠬᠠᠢ ᠶᠢᠨ ᠭᠠᠵᠠᠷ ᠲᠤᠨᠢ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠠᠪᠴᠦ᠂ ᠬᠦᠴᠦᠨ ᠢᠶᠠᠨ | ᠲᠦᠪᠯᠡᠷᠡᠬᠦᠯᠦᠨ ᠤᠨ ᠤ ᠬᠠᠷᠠᠯᠳᠠ ᠡᠬᠦᠷᠭᠡ ᠪᠠᠨ ᠰᠠᠶᠢᠳᠤᠷ ᠪᠡᠶᠡᠯᠡᠬᠦᠯᠦᠨ᠂ ᠠᠮᠢ ᠠᠬᠤᠢ ᠶᠢᠨ ᠦᠷ᠎ᠡ ᠠᠰᠢᠭ᠂ | ᠠᠵᠤ ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠠᠮᠵᠢᠯᠳᠠ ᠳᠤ ᠬᠦᠷᠬᠦ ᠪᠠᠷ ᠴᠢᠷᠮᠠᠶᠢᠬᠤ | ᠬᠡᠷᠡᠭᠳᠠᠢ᠃ ᠠᠮᠤᠷ ᠲᠦᠪᠰᠢᠨ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ | ᠲᠦᠷᠦᠯ ᠵᠦᠢᠯ ᠤᠨ ᠶᠠᠰᠤ ᠴᠢᠨᠠᠷ ᠢ ᠪᠠᠳᠤᠯᠠᠨ᠂ ᠠᠬᠤᠢ ᠲᠠᠯᠠᠪᠠᠢ ᠳᠤ ᠬᠦᠨᠵᠡᠭᠡᠶᠢᠷᠡᠨ ᠲᠠᠶᠢᠯᠠᠯᠳᠤᠭᠠᠨ ᠢ | ᠱᠠᠭᠠᠷᠳᠠᠬᠤ ᠶᠢ ᠪᠠᠶᠢᠩᠭᠤᠵᠢᠭᠤᠯᠵᠦ᠂ ᠪᠤᠳᠠᠳᠦ ᠦᠷ᠎ᠡ ᠪᠦᠳᠦᠮᠵᠢ ᠤᠯᠬᠤ ᠪᠠᠷ ᠮᠡᠷᠡᠶᠢᠬᠦ ᠬᠡᠷᠡᠭᠳᠠᠢ ᠭᠡᠵᠡᠢ᠃ | ᠠᠬᠤᠢ ᠲᠠᠯᠠᠪᠠᠢ ᠳᠤ 13 ᠬᠤᠷᠰᠢᠶᠠᠵᠢᠯ ᠤᠨ 200 ᠭᠠᠷᠤᠢ ᠭᠡᠰᠢᠭᠦᠨ ᠲᠦᠷᠦᠬᠦᠯᠡᠨ ᠠᠵᠢᠯ ᠳᠤ | ᠤᠷᠤᠯᠴᠠᠵᠦ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠩᠬᠢ ᠨᠢ ᠡᠯᠡᠰᠦᠨ ᠤ ᠬᠠᠯᠬᠠᠪᠴᠢ ᠪᠤᠰᠬᠠᠬᠤ ᠪᠤᠯᠤᠨ | ᠠᠮᠤᠷ ᠲᠦᠪᠰᠢᠨ ᠦᠢᠯᠡᠳᠪᠤᠷᠢᠯᠡᠯ ᠤᠨ ᠪᠤᠯᠪᠠᠰᠤᠷᠠᠯ ᠦᠷᠨᠢᠬᠦᠯᠦᠭᠰᠡᠨ ᠮᠦᠷᠳᠡᠭᠡᠨ ᠡᠯᠡᠰᠦᠨ ᠤ ᠬᠠᠯᠬᠠᠪᠴᠢ | ᠪᠤᠰᠬᠠᠬᠤ ᠮᠠᠰᠢᠨ ᠮᠧᠬᠠᠨᠢᠭ ᠠᠵᠢᠯᠯᠠᠭᠤᠯᠦᠨ᠂ ᠲᠤᠮᠤ ᠬᠡᠯᠪᠡᠷᠢ ᠶᠢᠨ ᠪᠤᠷᠳᠤᠭᠤᠷ ᠤᠷᠤᠭᠤᠯᠬᠤ ᠮᠠᠰᠢᠨ ᠢ | ᠠᠵᠢᠯᠯᠠᠭᠤᠯᠵᠦ ᠦᠵᠡᠬᠦᠯᠦᠨ᠂ ᠬᠤᠷᠰᠢᠶᠠᠵᠢᠯ ᠤᠨ ᠭᠡᠰᠢᠬᠦᠳ ᠲᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠠᠮᠢᠳᠤᠯᠢᠭ ᠪᠤᠳᠠᠳᠠᠢ ᠲᠦᠭᠡᠮᠡᠯᠵᠢᠬᠦᠯᠵᠠᠢ᠃ | ᠤᠶᠢᠯᠠᠭᠠᠭᠰᠠᠨ ᠢᠶᠠᠷ᠂ 2024 ᠤᠨ ᠳᠤ ᠪᠦᠬᠦ ᠬᠤᠰᠢᠭᠤᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠪᠤᠯᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ | ᠬᠡᠷᠡᠭᠵᠢᠬᠦᠯᠦᠭᠰᠠᠨ ᠲᠠᠯᠠᠪᠠᠢ 42.6 ᠲᠦᠮᠡᠨ ᠮᠤ᠋ ᠪᠠᠶᠢᠵᠤ᠂ ᠡᠭᠦᠨ ᠳᠤ ︽ᠤᠮᠠᠷᠠᠳᠦ ᠶᠢᠨ ᠭᠤᠷᠪᠠᠨ ᠤᠷᠤᠨ︾ ᠤ | ᠢᠨᠵᠧᠨᠧᠷᠢᠩ ᠤᠨ 36.3 ᠲᠦᠮᠡᠨ ᠮᠤ᠋᠂ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠢᠨᠵᠧᠨᠧᠷᠢᠩ ᠤᠨ | 6 ᠲᠦᠮᠡᠨ ᠮᠤ᠋᠂ ᠵᠡᠬᠦᠨ ᠬᠡᠰᠡᠭ ᠤᠨ ᠡᠯᠡᠰᠦ ᠶᠢ ᠶᠡᠷᠦᠩᠭᠡᠶᠢᠯᠡᠨ ᠵᠠᠰᠠᠬᠤ ᠲᠠᠯᠠᠪᠠᠢ 0.3 ᠲᠦᠮᠡᠨ ᠮᠤ᠋ ᠪᠠᠭᠳᠠᠨ᠎ᠠ᠃ | ᠤᠳᠤᠬᠠᠨ ᠪᠤᠯᠲᠠᠯ᠎ᠠ᠂ 15 ᠲᠦᠮᠡᠨ ᠮᠤ᠋ ᠤᠷᠢᠳᠴᠢᠯᠠᠨ ᠵᠠᠰᠠᠬᠤ ᠠᠵᠢᠯ ᠢᠶᠠᠨ ᠪᠦᠬᠦ ᠲᠠᠯ᠎ᠠ ᠪᠠᠷ ᠡᠬᠢᠯᠡᠬᠦᠯᠵᠦ᠂ | ᠮᠠᠯᠴᠢᠳ ᠤᠨ ᠠᠮᠠᠯᠠᠯᠲᠠ ᠶᠢᠨ ᠪᠢᠴᠢᠭ ᠪᠤᠯᠤᠨ ᠪᠡᠯᠴᠢᠭᠡᠷᠯᠡᠭᠦᠯᠬᠦ ᠶᠢ ᠵᠤᠭᠰᠤᠭᠠᠬᠤ ᠵᠦᠪᠳᠡᠯᠴᠡᠭᠡᠷ ᠲᠤᠭᠲᠠᠭᠰᠠᠨ | ᠨᠤᠷᠮ᠎ᠠ 100% ᠳᠤ ᠬᠦᠷᠴᠡᠢ᠃ | ᠡᠶᠢᠨᠬᠦ ᠠᠪᠠᠭ᠎ᠠ ᠬᠤᠰᠢᠭᠤ ᠨᠢ ᠪᠤᠬᠢᠷᠳᠤᠯ ᠦᠭᠡᠢ ᠬᠦᠭᠵᠢᠯᠲᠡ ᠶᠢᠨ ᠤᠶᠢᠯᠠᠭᠠᠭᠳᠠᠬᠤᠨ ᠢ ᠡᠷᠡᠰ | ᠭᠤᠶᠢᠪᠢᠰᠢ ᠦᠭᠡᠢ ᠦᠢᠯᠡᠳᠦᠯᠭᠡᠵᠢᠬᠦᠯᠵᠦ᠂ ︽ᠮᠤᠩᠭᠤᠯ ᠮᠤᠷᠢᠨ ᠤ ᠵᠤᠷᠢᠭ ᠰᠠᠨᠠᠭ᠎ᠠ︾ ᠪᠤᠯᠤᠨ ︽ᠤᠮᠠᠷᠠᠲᠤ ᠶᠢᠨ | ᠭᠤᠷᠪᠠᠨ ᠤᠷᠤᠨ ᠤ ᠵᠤᠷᠢᠭ ᠰᠠᠨᠠᠭ᠎ᠠ︾ ᠶᠢ ᠤᠯᠠᠮᠵᠢᠯᠠᠨ᠂ ᠬᠠᠮᠠᠭᠠᠯᠠᠯᠲᠠ ᠪᠤᠯᠤᠨ ᠬᠦᠭᠵᠢᠯᠲᠡ᠂ ᠤᠷᠴᠢᠨ | ᠲᠤᠭᠤᠷᠢᠨ ᠪᠤᠯᠤᠨ ᠠᠷᠠᠳ ᠤᠨ ᠠᠮᠢᠳᠤᠷᠠᠯ ᠢ ᠨᠢᠭᠡᠳᠦᠵᠢᠭᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ | ᠤᠨ ᠰᠦᠨᠦᠭᠡᠯᠳᠡ ᠶᠢᠨ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠦ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠰᠢᠨ᠎ᠡ ᠠᠮᠵᠢᠯᠲᠠ ᠳᠤ ᠬᠦᠷᠬᠦ ᠶᠢ ᠲᠠᠰᠤᠷᠠᠯᠳᠠ ᠦᠭᠡᠢ ᠠᠬᠢᠭᠤᠯᠬᠤ ᠪᠤᠯᠤᠨ᠎ᠠ᠃ |