6 ᠰᠠᠷ᠎ᠠ ᠶᠢᠨ 26 ᠤ ᠡᠳᠦᠷ᠂ 2024 ᠣᠨ ᠤ ᠰᠢᠯᠢ ᠶᠢᠨ ᠭᠤᠤᠯ ᠠᠶᠢᠮᠠᠭ ᠤᠨ ᠦᠨᠳᠦᠷ ᠳᠤᠮᠳᠠᠳᠤ ᠳᠤ | ᠳᠡᠪᠰᠢᠬᠦ ᠰᠢᠯᠭᠠᠯᠲᠠ ᠡᠬᠢᠯᠡᠵᠦ᠂ ᠮᠠᠨ ᠤ ᠬᠤᠰᠢᠭᠤᠨ ᠤ 206 ᠰᠢᠯᠭᠠᠭᠤᠯᠤᠭᠴᠢ ᠬᠦᠰᠡᠯ ᠡᠷᠡᠮᠡᠯᠵᠡᠯ ᠢᠶᠠᠨ | ᠲᠡᠷᠭᠡᠯᠰᠢᠬᠦᠯᠬᠦ ᠪᠠᠷ ᠰᠢᠯᠭᠠᠯᠲᠠ ᠶᠢᠨ ᠲᠠᠯᠠᠪᠠᠶ ᠳᠤ ᠤᠷᠤᠵᠤ᠂ ᠰᠤᠷᠤᠯᠭ᠎ᠠ ᠶᠢᠨ ᠠᠮᠢᠳᠤᠷᠠᠯ ᠳᠤᠮᠳᠠᠬᠢ ᠨᠢᠭᠡ | ᠤᠳᠠᠭᠠᠨ ᠤ ᠴᠢᠬᠤᠯᠠ ᠥᠷᠢᠰᠥᠯᠳᠦᠭᠡᠨ ᠢ ᠤᠭᠲᠤᠨ ᠠᠪᠴᠦ᠂ ᠰᠤᠷᠤᠯᠭ᠎ᠠ ᠶᠢᠨ ᠪᠦᠲᠦᠮᠵᠢ ᠪᠠᠨ ᠰᠤᠷᠢᠵᠠᠭᠠᠨᠠ᠃ | ᠣᠶᠢᠯᠠᠭᠠᠭᠰᠠᠨ ᠢᠶᠠᠷ᠂ ᠮᠠᠨ ᠤ ᠬᠤᠰᠢᠭᠤ ᠨᠢ ᠡᠨᠡ ᠵᠢᠯ 1 ᠰᠢᠯᠭᠠᠯᠲᠠ ᠶᠢᠨ ᠴᠡᠭ᠂ 9 ᠰᠢᠯᠭᠠᠯᠲᠠ ᠶᠢᠨ | ᠲᠠᠯᠠᠪᠠᠶ ᠲᠤᠬᠢᠷᠠᠭᠤᠯᠤᠭᠰᠠᠨ ᠪᠠᠶᠢᠨ᠎ᠠ᠃ ᠰᠢᠯᠭᠠᠯᠲᠠ ᠶᠢᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ | ᠪᠠᠶᠢᠭᠤᠯᠭ᠎ᠠ ᠨᠢᠭᠡᠴᠡ ᠨᠢᠭᠲᠠ ᠬᠠᠮᠵᠢᠯᠴᠠᠨ᠂ ᠰᠢᠯᠭᠠᠯᠲᠠ ᠶᠢ ᠵᠣᠬᠢᠶᠠᠨ ᠪᠠᠶᠢᠭᠤᠯᠬᠤ ᠪᠠ ᠢᠯᠭᠤᠮ ᠶᠠᠪᠤᠭᠳᠠᠬᠤ ᠶᠢ | ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠨᠠᠷᠢᠨ ᠨᠢᠮᠪᠠᠶ ᠳᠣᠭᠢᠷᠠᠭᠤᠯᠤᠨ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢ ᠴᠢᠩᠳᠠᠯᠠᠵᠤ᠂ ᠰᠢᠯᠭᠠᠯᠲᠠ | ᠬᠢᠨᠠᠬᠤ ᠪᠣᠯᠪᠠᠰᠤᠷᠠᠯ ᠢ ᠴᠢᠩᠭᠠᠳᠬᠠᠨ᠂ ᠰᠢᠯᠭᠠᠯᠲᠠ ᠶᠢᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨ ᠬᠦ | ᠪᠠᠲᠤᠯᠠᠵᠤ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠳ ᠬᠦᠴᠦ ᠪᠠᠨ | ᠬᠠᠮᠲᠤᠳᠬᠠᠨ ᠬᠠᠮᠵᠢᠯᠴᠠᠵᠤ᠂ ᠰᠢᠯᠭᠠᠭᠤᠯᠤᠭᠴᠢ ᠳᠤ ᠠᠮᠤᠷ ᠲᠦᠪᠰᠢᠨ᠂ ᠰᠠᠭᠠᠳ ᠥᠬᠡᠶ᠂ ᠨᠠᠮ ᠵᠢᠮ | ᠰᠢᠯᠭᠠᠯᠲᠠ ᠶᠢᠨ ᠣᠷᠴᠢᠨ ᠨᠥᠬᠦᠴᠡᠯ ᠢ ᠬᠠᠩᠭᠠᠵᠦ ᠥᠭᠪᠡ᠃ | ᠥᠷᠯᠥᠭᠡ ᠶᠢᠨ 8 ᠴᠠᠭ ᠤᠨ ᠦᠶ᠎ᠡ ᠪᠠᠷ᠂ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠡᠭᠦᠳᠡᠨ ᠳᠤ ᠮᠠᠰᠢ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠴᠤᠭᠯᠠᠷᠠᠭᠰᠠᠨ ᠪᠠᠶᠢᠯ᠎ᠠ᠃ | ᠰᠢᠯᠭᠠᠭᠤᠯᠤᠭᠰᠠᠳ ᠢᠲᠡᠭᠡᠯ ᠪᠠᠳᠠᠷᠠᠭᠤᠨ ᠢᠶᠠᠷ ᠬᠡᠷ ᠤᠨ ᠠᠬᠠᠮᠠᠳ ᠪᠣᠯᠤᠨ ᠪᠠᠭᠰᠢ ᠶᠢᠨ ᠵᠣᠷᠢᠭᠵᠢᠭᠤᠯᠤᠯ ᠳᠣᠤᠷ᠎ᠠ᠂ | ᠰᠢᠯᠭᠠᠯᠲᠠ ᠶᠢᠨ ᠲᠠᠯᠠᠪᠤᠷ ᠲᠤ ᠡᠮᠬᠢ ᠵᠢᠷᠤᠮ ᠲᠠᠢ ᠪᠠᠷ ᠤᠷᠤᠵᠤ᠂ ᠬᠡᠷ ᠤᠨ ᠠᠬᠠᠮᠠᠳ ᠰᠤᠷᠭᠠᠭᠤᠯᠢ ᠶᠢᠨ ᠬᠦᠷᠢᠶᠡᠨ | ᠤ ᠭᠠᠳᠠᠨ᠎ᠠ ᠬᠡᠤᠭᠡᠳ ᠢᠶᠠᠨ ᠬᠦᠯᠢᠶᠡᠵᠦ᠂ ᠬᠡᠤᠬᠡᠳ ᠤᠳ ᠲᠤ ᠪᠠᠨ ᠤᠷᠮ᠎ᠠ ᠵᠤᠷᠢᠭ ᠦᠭᠭᠦ ᠪᠠᠷ ᠪᠡᠯᠡᠬᠡᠨ ᠪᠠᠶᠢᠯ᠎ᠠ᠃ | ᠦᠨᠳᠦᠷ ᠳᠤᠮᠳᠠᠳᠤ ᠳᠤ ᠳᠡᠪᠰᠢᠬᠦ ᠰᠢᠯᠭᠠᠯᠲᠠ ᠪᠣᠯ ᠰᠤᠷᠤᠭᠴᠢ ᠶᠢᠨ ᠠᠮᠢᠳᠤᠷᠠᠯ ᠳᠤᠮᠳᠠᠬᠢ ᠨᠢᠭᠡ ᠤᠳᠠᠭᠠᠨ ᠤ | ᠴᠢᠬᠤᠯᠠ ᠰᠢᠯᠭᠠᠯᠲᠠ ᠪᠠᠶᠢᠵᠤ᠂ ᠰᠤᠷᠤᠭᠴᠢᠳ ᠤᠨ ᠢᠷᠡᠭᠡᠳᠦᠶ ᠶᠢᠨ ᠬᠥᠭᠵᠢᠯᠲᠡ ᠲᠠᠢ ᠬᠤᠯᠪᠣᠭᠳᠠᠨ᠎ᠠ᠃ ᠥᠷᠭᠡᠨ | ᠣᠯᠠᠨ ᠰᠢᠯᠭᠠᠭᠤᠯᠤᠭᠰᠠᠳ ᠤᠷᠮ᠎ᠠ ᠵᠤᠷᠢᠭ ᠪᠠᠳᠠᠷᠠᠭᠤᠨ ᠪᠠᠶᠢᠵᠦ᠂ ᠥᠪᠡᠷ ᠤᠨ ᠬᠠᠮᠤᠭ ᠤᠨ ᠰᠠᠶᠢᠨ ᠤᠪᠤᠷ ᠪᠠᠶᠢᠳᠠᠯ | ᠢᠶᠠᠨ ᠪᠠᠲᠤᠯᠠᠨ᠂ ᠰᠢᠯᠢᠳᠡᠭ ᠬᠢᠷᠢ ᠪᠦᠲᠦᠮᠵᠢ ᠤᠯᠬᠤ ᠢᠲᠡᠬᠡᠯ ᠲᠡᠭᠦᠯᠳᠡᠷ ᠪᠠᠶᠢᠬᠤ ᠨᠢ ᠢᠯᠡᠬᠡᠨ ᠪᠠᠶᠢᠯ᠎ᠠ᠃ ᠮᠦᠨᠴᠦ | ᠨᠡᠶᠢᠭᠡᠮ ᠤᠨ ᠡᠯ᠎ᠡ ᠡᠲᠡᠭᠡᠳ ᠤᠨ ᠬᠢᠨ ᠦᠨᠳᠦᠷ ᠳᠤᠮᠳᠠᠳᠤ ᠳᠤ ᠳᠡᠪᠰᠢᠬᠦ ᠰᠤᠷᠤᠭᠴᠢᠳ ᠤᠨ ᠰᠢᠯᠭᠠᠯᠲᠠ ᠶᠢ | ᠦᠷᠭᠦᠯᠵᠢᠯᠡᠨ ᠠᠩᠬᠠᠷᠤᠨ ᠳᠡᠮᠵᠢᠵᠦ᠂ ᠰᠢᠯᠭᠠᠭᠤᠯᠤᠭᠰᠠᠳ ᠲᠤ ᠨᠡᠩ ᠰᠠᠶᠢᠨ ᠰᠢᠯᠭᠠᠯᠲᠠ ᠶᠢᠨ ᠣᠷᠴᠢᠨ | ᠨᠥᠬᠦᠴᠡᠯ ᠢ ᠪᠦᠷᠢᠯᠳᠦᠬᠦᠯᠵᠦ ᠥᠭᠬᠦ ᠶᠢ ᠬᠦᠰᠡᠵᠦ ᠪᠠᠶᠢᠨ᠎ᠠ᠃ |