ᠤᠮᠠᠷᠠᠲᠦ ᠬᠢᠯᠢ ᠶᠢᠨ ᠪᠤᠳᠠᠰ ᠤᠨ ᠪᠤᠰᠦ ᠰᠤᠶᠤᠯ ᠤᠨ ᠦᠪ ᠤᠨ ᠰᠤᠳᠤᠨ ᠪᠦᠲᠦᠭᠡᠯ ᠤᠨ ᠦᠵᠡᠬᠦᠯᠬᠡ ᠳᠤ ᠮᠠᠨ ᠤ ᠬᠤᠰᠢᠭᠤᠨ ᠤ ᠬᠤᠶᠠᠷ ᠤᠯᠠᠮᠵᠢᠯᠠᠭᠴᠢ ᠤᠷᠤᠯᠴᠠᠯ᠎ᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 15 ᠤ ᠡᠳᠦᠷ᠂ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠨᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠯ᠎ᠡ᠃      ᠲᠤᠰ ᠤᠳᠠᠭᠠᠨ ᠤ ᠦᠵᠡᠬᠦᠯᠬᠡ ᠳᠤ᠂ 150 ᠭᠠᠷᠤᠢ ᠪᠤᠳᠠᠰ ᠤᠨ ᠪᠤᠰᠦ ᠰᠤᠶᠤᠯ ᠤᠨ ᠦᠪ ᠤᠨ ᠲᠦᠷᠦᠯ ᠵᠦᠢᠯ ᠤᠨ 110 ᠭᠠᠷᠤᠢ ᠤᠯᠠᠮᠵᠢᠯᠠᠬᠴᠢ ᠤᠷᠤᠯᠴᠠᠵᠦ᠂ 2000 ᠭᠠᠷᠤᠢ ᠬᠤᠪᠢ ︵ᠢᠵᠢ︶ ᠪᠤᠳᠠᠰ ᠤᠨ ᠪᠤᠰᠦ ᠰᠤᠶᠤᠯ ᠤᠨ ᠦᠪ ᠤᠨ ᠪᠦᠲᠦᠬᠡᠯ ᠪᠠ ᠰᠤᠶᠤᠯ ᠤᠨ ᠡᠬᠦᠳᠦᠯᠲᠡ ᠶᠢᠨ ᠪᠦᠲᠦᠭᠡᠭᠳᠡᠬᠦᠨ ᠢ ᠲᠡᠯᠭᠡᠨ ᠦᠵᠡᠬᠦᠯᠪᠡ᠃ ᠡᠬᠦᠨ ᠳᠤ ᠮᠠᠨ ᠤ ᠬᠤᠰᠢᠭᠤᠨ ᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠦ ᠰᠤᠶᠤᠯ ᠤᠨ ᠦᠪ — ᠮᠤᠩᠭᠤᠯ ᠰᠢᠲᠠᠷ᠎ᠠ ᠰᠡᠶᠢᠯᠦᠮᠡᠯ ᠤᠨ ᠤᠯᠠᠮᠵᠢᠯᠠᠬᠴᠢ ᠨᠤᠷᠪᠤ ᠪᠠ ᠮᠤᠩᠭᠤᠯᠴᠤᠳ ᠤᠨ ᠴᠡᠭᠡ ᠪᠤᠯᠪᠠᠰᠤᠷᠠᠭᠤᠯᠬᠤ ᠠᠷᠭ᠎ᠠ ᠶᠢᠨ ᠲᠦᠯᠦᠭᠡᠯᠡᠬᠦ ᠴᠢᠨᠠᠷᠳᠠᠢ ᠤᠯᠠᠮᠵᠢᠯᠠᠬᠴᠢ ᠮᠦᠳᠡᠨ ᠤᠷᠤᠯᠴᠠᠵᠦ᠂ ᠦᠪᠡᠷᠰᠡᠳ ᠤᠨ ᠤᠷᠤᠯᠳᠤᠯᠭ᠎ᠠ ᠪᠦᠳᠦᠭᠡᠯ ᠢᠶᠠᠨ ᠲᠡᠯᠭᠡᠭᠰᠡᠨ ᠪᠠᠶᠢᠨ᠎ᠠ᠃      ᠠ᠊ · ᠨᠤᠷᠪᠤ ᠦᠪᠡᠷ ᠤᠨ ᠤᠷᠠᠯᠠᠵᠦ ᠭᠢᠭᠰᠡᠨ ᠮᠤᠩᠭᠤᠯ ᠰᠢᠲᠠᠷ᠎ᠠ ᠪᠠᠨ ᠳᠡᠯᠬᠡᠨ ᠦᠵᠡᠬᠦᠯᠵᠦ᠂ ᠮᠤᠩᠭᠤᠯ ᠰᠢᠲᠠᠷ᠎ᠠ ᠶᠢᠨ ᠭᠠᠶᠢᠬᠠᠮᠰᠢᠭ᠂ ᠤᠷᠠᠯᠠᠯ ᠬᠢᠴᠡ ᠶᠢ ᠨᠡᠩ ᠤᠯᠠᠨ ᠬᠦᠮᠦᠰ ᠲᠤ ᠰᠤᠨᠢᠷᠬᠠᠭᠤᠯᠵᠦ ᠲᠠᠨᠢᠯᠴᠠᠭᠤᠯᠤᠨ᠂ ᠤᠷᠠᠨ ᠭᠠᠷ ᠤᠨ ᠰᠢᠳᠢ᠂ ᠤᠯᠠᠮᠵᠢᠯᠠᠯᠳᠦ ᠰᠤᠶᠤᠯ ᠤᠨ ᠰᠤᠳᠤᠨ ᠢ ᠭᠠᠶᠢᠬᠠᠭᠤᠯᠤᠭᠰᠠᠨ ᠪᠠᠶᠢᠨ᠎ᠠ᠃ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠮᠦᠳᠡᠨ ᠠᠴᠠ ᠴᠡᠭᠡ ᠢᠰᠬᠡᠬᠦ ᠶᠠᠪᠤᠴᠠ ᠪᠠᠨ ᠲᠠᠶᠢᠯᠪᠤᠷᠢᠯᠠᠨ  ᠶᠠᠷᠢᠵᠦ᠂ ᠴᠡᠭᠡ ᠶᠢᠨ ᠰᠤᠶᠤᠯ ᠢᠶᠠᠨ ᠨᠡᠩ ᠤᠯᠠᠨ ᠬᠦᠮᠦᠰ ᠲᠤ  ᠲᠠᠨᠢᠭᠤᠯᠤᠨ᠂ ᠴᠡᠭᠡ ᠶᠢᠨ ᠠᠰᠢᠭᠳᠠᠢ ᠲᠠᠯ᠎ᠠ᠂ ᠦᠢᠯᠡᠳᠦᠯ ᠭᠡᠷᠡᠭᠴᠡᠭᠡ ᠶᠢ ᠦᠷᠭᠡᠨ ᠢᠶᠠᠷ ᠰᠤᠷᠲᠠᠯᠴᠢᠯᠠᠪᠠ᠃ᠡᠨᠡᠬᠦ ︽ᠤᠮᠠᠷᠠᠲᠤ ᠶᠢᠨ ᠰᠣᠶᠣᠯ ᠢ ᠪᠠᠳᠠᠷᠠᠭᠤᠯᠵᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ︾ ᠪᠠᠷ ᠭᠤᠤᠯ ᠰᠡᠳᠦᠪ ᠪᠤᠯᠭᠠᠭᠰᠠᠨ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠨᠢ 6 ᠰᠠᠷ᠎ᠠ ᠶᠢᠨ 15 ᠤ ᠡᠳᠦᠷ ᠠᠴᠠ 24 ᠤ ᠡᠳᠦᠷ ᠪᠣᠯᠲᠠᠯ᠎ᠠ ᠲᠡᠯᠭᠡᠭᠳᠡᠬᠦ ᠶᠤᠮ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号