ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/7
     ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠲᠥᠯᠥᠭᠡ᠂ ᠪᠥᠬᠦ ᠬᠤᠰᠢᠭᠤᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠪᠠᠶᠢᠴᠠᠭᠠᠬᠤ ᠠᠵᠢᠯᠯᠠᠭ᠎ᠠ ᠶᠢᠨ ᠴᠠᠭ ᠬᠤᠭᠤᠴᠠᠭ᠎ᠠ     ᠲᠤᠰ ᠡᠳᠦᠷ ᠠᠴᠠ 6 ᠰᠠᠷ᠎ᠠ ᠶᠢᠨ 26 ᠤ ᠡᠳᠦᠷ ᠪᠣᠯᠲᠠᠯ᠎ᠠ᠃ ᠡᠭᠦᠨ ᠳᠤ 5 ᠰᠠᠷ᠎ᠠ ᠶᠢᠨ 23 ᠤ ᠡᠳᠦᠷ ᠤᠨ ᠣᠷᠣᠶ᠂ 5 ᠰᠠᠷ᠎ᠠ ᠶᠢᠨ 29 ᠤ ᠡᠳᠦᠷ ᠤᠨ ᠣᠷᠣᠶ᠂ 6 ᠰᠠᠷ᠎ᠠ ᠶᠢᠨ 5 ᠤ ᠡᠳᠦᠷ ᠤᠨ ᠣᠷᠣᠶ᠂ 6 ᠰᠠᠷ᠎ᠠ ᠶᠢᠨ 12 ᠤᠨ ᠡᠳᠦᠷ ᠤᠨ ᠣᠷᠣᠶ ᠪᠣᠯ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠰᠥᠨᠢ ᠪᠠᠷ ᠪᠠᠶᠢᠴᠠᠭᠠᠬᠤ ᠠᠵᠢᠯᠯᠠᠭ᠎ᠠ ᠶᠢᠨ ᠴᠠᠭ ᠪᠣᠯᠤᠨ᠎ᠠ᠃     ᠬᠤᠶᠠᠷ᠂ ᠭᠤᠤᠯᠳᠠᠯᠭ᠎ᠠ ᠪᠠᠶᠢᠴᠠᠭᠠᠬᠤ ᠠᠭᠤᠯᠭ᠎ᠠ     ︵ᠨᠢᠭᠡ︶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠦᠭᠦᠳ ᠢᠶᠠᠨ ᠣᠯᠠᠨ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠬᠤᠭᠤᠷᠣᠨᠳᠣ᠂ ᠠᠶᠤᠯ ᠦᠭᠡᠶ ᠭᠠᠷᠬᠤ ᠡᠭᠦᠳᠡ ᠵᠡᠷᠭᠡ ᠭᠠᠵᠠᠷ ᠲᠤ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠵᠤ᠂ ᠴᠠᠬᠢᠯᠭᠠᠨ ᠴᠡᠨᠡᠭᠯᠡᠬᠦ ᠶᠢ ᠡᠷᠡᠰ ᠲᠠᠪᠴᠢᠬᠦ ᠬᠡᠷᠡᠭᠲᠡᠶ᠃     ︵ᠬᠤᠶᠠᠷ︶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠶᠢ ᠡᠵᠡᠯᠡᠨ ᠬᠡᠷᠡᠭᠯᠡᠬᠦ᠂ ᠪᠥᠭᠯᠡᠬᠦ᠂ ᠲᠣᠭᠲᠠᠭᠠᠯ ᠠᠴᠠ  ᠵᠥᠷᠢᠴᠡᠨ ︽ᠠᠰᠠᠷ ᠲᠤ ᠣᠷᠣᠵᠤ ᠡᠷᠦᠬᠡ ᠳᠤ ᠣᠷᠣᠬᠤ︾ ︽ᠤᠲᠠᠰᠤ ᠪᠠᠷ ᠴᠠᠬᠢᠯᠭᠠᠨ ᠴᠡᠨᠡᠭᠯᠡᠬᠦ︾ ᠲᠦᠪ ᠪᠤᠰᠤ  ᠠᠵᠢᠯᠯᠠᠭ᠎ᠠ᠃     ︵ᠭᠤᠷᠪᠠ︶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠢᠶᠠᠨ ᠦᠪᠡᠰᠦᠪᠡᠨ ᠪᠠᠷᠢᠭᠰᠠᠨ ᠭᠡᠷ᠂ ︽ᠭᠤᠷᠪᠠ ᠶᠢ ᠨᠢᠭᠡᠳᠬᠡᠬᠦ︾᠂ ᠵᠡᠭᠡᠯᠢ ᠳᠠᠭᠠᠤ ᠶᠢᠨ ᠡᠭᠦᠳᠡᠨ ᠳᠡᠯᠭᠡᠭᠦᠷ᠂ ᠰᠥᠨᠢ ᠪᠠᠷ ᠡᠵᠡᠩᠨᠡᠵᠦ ᠬᠡᠷᠡᠭᠯᠡᠬᠦ ᠵᠡᠷᠭᠡ ᠲᠠᠯᠠᠪᠤᠷ ᠲᠤ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠠᠵᠢᠯᠯᠠᠭ᠎ᠠ᠃     ︵ᠳᠥᠷᠪᠡ︶ ᠬᠠᠭᠤᠴᠢᠨ ᠦᠢᠯᠡᠳᠪᠦᠷᠢ ᠶᠢᠨ ᠴᠠᠬᠢᠯᠭᠠᠨ ᠬᠡᠷᠡᠭᠰᠡᠯ ᠤᠨ ᠰᠡᠯᠪᠢᠭ ᠲᠣᠨᠤᠭ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠬᠤ᠂ ᠬᠤᠷᠳᠤᠴᠠ ᠶᠢ ᠬᠢᠵᠠᠭᠠᠷᠯᠠᠬᠤ᠂ ᠭᠠᠳᠠᠨ᠎ᠠ ᠴᠠᠬᠢᠯᠭᠠᠨ ᠬᠤᠷᠢᠶᠠᠭᠤᠷ ᠲᠠᠭᠠᠷᠠᠭᠤᠯᠬᠤ᠂ ᠴᠠᠬᠢᠯᠭᠠᠨ ᠬᠤᠷᠢᠶᠠᠭᠤᠷ ᠤᠨ ᠬᠤᠩᠭᠢᠯ ᠤᠨ ᠬᠠᠶᠢᠷᠴᠠᠭ ᠢ ᠥᠭᠡᠷᠡᠴᠢᠯᠡᠬᠦ᠂ ᠶᠡᠭᠡ ᠪᠠᠭᠲᠠᠭᠠᠮᠵᠢ ᠶᠢᠨ ᠴᠠᠬᠢᠯᠭᠠᠨ ᠬᠤᠷᠢᠶᠠᠭᠤᠷ ᠢ ᠰᠣᠯᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ᠃     ᠨᠡᠶᠢᠭᠡᠮ ᠤᠨ ᠡᠯ᠎ᠡ ᠨᠢᠭᠡᠴᠡ᠂ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠥᠷᠭᠡᠨ ᠣᠯᠠᠨ ᠲᠦᠮᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠮᠠᠭᠠᠶ ᠪᠠᠶᠢᠴᠠᠭᠠᠵᠤ ᠵᠠᠯᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠨ᠂ ᠪᠠᠶᠢᠴᠠᠭᠠᠬᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ  ᠣᠷᠣᠭᠤᠯᠵᠤ ᠡᠷᠦᠬᠡ ᠳᠤ  ᠣᠷᠣᠭᠤᠯᠬᠤ︾᠂ ︽ᠤᠲᠠᠰᠤ ᠪᠠᠷ ᠴᠠᠬᠢᠯᠭᠠᠨ ᠴᠡᠨᠡᠭᠯᠡᠬᠦ︾ ᠦᠢᠯᠡ ᠠᠵᠢᠯᠯᠠᠭ᠎ᠠ ᠶᠢ ᠣᠯᠠᠨᠲᠠ ᠢᠳᠬᠠᠭᠠᠳ ᠵᠠᠯᠠᠷᠠᠭᠤᠯᠬᠤ ᠥᠬᠡᠶ᠂ ᠵᠤᠷᠢᠭᠤᠳᠠ ᠵᠦᠷᠢᠴᠡᠭᠰᠡᠨ ᠬᠤᠯᠪᠣᠭᠳᠠᠯ ᠪᠥᠬᠦᠶ ᠬᠤᠪᠢ ᠬᠥᠮᠦᠨ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠥᠬᠦᠶ ᠵᠠᠭᠤᠴᠢᠯᠠᠭᠤᠷ ᠲᠤ ᠢᠯᠠᠴᠢᠯᠡᠨ ᠨᠠᠶᠢᠳᠠᠯᠠᠨ᠎ᠠ᠃            ᠠᠪᠠᠭ᠎ᠠ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠭᠡᠮ ᠰᠤᠭᠤᠭ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ                  2024 ᠣᠨ ᠤ 5 ᠰᠠᠷ᠎ᠠ ᠶᠢᠨ 23 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号