ᠪᠡᠯᠬᠦᠳᠡᠢ ᠪᠠᠯᠭᠠᠰᠣᠨ ᠤ ᠲᠥᠪ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ | ᠴᠢᠩᠭᠠᠳᠬᠠᠨ᠂ ᠠᠮᠢᠳᠠᠨ ᠤ ᠬᠢᠵᠢᠭ ᠡᠪᠡᠳᠴᠢᠨ ᠤ ᠲᠠᠷᠬᠠᠯᠳᠠ ᠶᠢ ᠪᠠᠭᠠᠰᠬᠠᠵᠤ᠂ ᠰᠠᠭᠤᠭᠠᠯᠢ ᠠᠷᠠᠳ ᠤᠨ ᠪᠡᠶ᠎ᠡ | ᠮᠠᠬᠠᠪᠤᠳ ᠤᠨ ᠡᠷᠡᠭᠦᠯ ᠴᠢᠬᠢᠷᠠᠭ ᠢ ᠬᠠᠮᠠᠭᠠᠯᠠᠨ᠂ ᠠᠷᠢᠭᠤᠨ ᠴᠡᠪᠡᠷ᠂ ᠭᠤᠶᠤ ᠰᠠᠶᠢᠬᠠᠨ ᠬᠤᠳᠠ ᠪᠠᠯᠭᠠᠰᠤᠨ ᠤ | ᠤᠷᠴᠢᠨ ᠲᠤᠭᠤᠷᠢᠨ ᠢ ᠴᠣᠭᠴᠠᠯᠠᠬᠤ ᠶᠢᠨ ᠲᠦᠯᠥᠭᠡ ︽ᠬᠤᠳᠠ ᠶᠢᠨ ᠦᠵᠡᠮᠵᠢ ᠪᠠ ᠤᠷᠴᠢᠨ ᠲᠤᠭᠤᠷᠢᠨ ᠤ | ᠠᠷᠢᠭᠤᠨ ᠴᠡᠪᠡᠷ ᠤᠨ ᠬᠠᠮᠢᠶᠠᠷᠤᠯᠳᠠ ᠶᠢᠨ ᠲᠦᠷᠢᠮ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠤᠳᠠ ᠶᠢᠨ ᠦᠵᠡᠮᠵᠢ ᠪᠠ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ | ᠰᠢᠳᠭᠡᠬᠦ ᠲᠤᠭᠳᠠᠭᠠᠯ︾ ᠪᠠ ︽ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠶᠢᠨ ᠪᠤᠬᠢᠷᠳᠤᠯ ᠢ ᠰᠡᠷᠭᠡᠶᠢᠯᠡᠨ ᠵᠠᠰᠠᠬᠤ | ᠬᠠᠮᠢᠶᠠᠷᠤᠯᠳᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠤᠭᠳᠠᠭᠠᠯ ᠤᠨ ᠬᠠᠮᠢᠶ᠎ᠠ ᠪᠦᠬᠦᠢ ᠲᠤᠭᠳᠠᠭᠠᠯ ᠢ | ᠦᠨᠳᠤᠰᠤᠯᠠᠨ᠂ ᠡᠳᠦᠭᠡ ᠲᠤᠤᠷᠠᠬᠢ ᠮᠡᠲᠤ ᠵᠠᠷᠯᠠᠯ ᠢ ᠨᠡᠶᠢᠲᠡᠯᠡᠶ᠎ᠡ᠃ | ᠨᠢᠭᠡ᠂ 2024 ᠣᠨ ᠤ 6 ᠰᠠᠷ᠎ᠠ ᠶᠢᠨ 8 ᠤ ᠡᠳᠦᠷ ᠠᠴᠠ ᠡᠬᠢᠯᠡᠵᠦ ᠪᠠᠯᠭᠠᠰᠤᠨ ᠲᠤᠳᠤᠷ᠎ᠠ ᠲᠠᠬᠢᠶ᠎ᠠ᠂ | ᠨᠤᠭᠤᠰᠤ᠂ ᠭᠠᠯᠠᠭᠤ᠂ ᠭᠠᠭ᠋ᠠᠶ᠂ ᠦᠬᠡᠷ᠂ ᠮᠣᠷᠢ᠂ ᠬᠤᠨᠢ ᠵᠡᠷᠭᠡ ᠭᠡᠷ ᠤᠨ ᠵᠢᠭᠦᠷᠲᠡᠨ ᠲᠡᠵᠢᠭᠡᠵᠦ ᠪᠣᠯᠬᠤ ᠦᠭᠡᠢ᠂ | ᠳᠤᠷ᠎ᠠ ᠪᠠᠷ ᠢᠶᠠᠨ ᠲᠡᠵᠢᠭᠡᠵᠦ ᠪᠠᠶᠢᠭᠰᠠᠨ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠪᠠᠳᠠᠨ | ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠵᠣᠭᠤᠰ ᠢᠶᠠᠷ ᠲᠣᠷᠭᠠᠨ᠎ᠠ᠃ | ᠬᠤᠶᠠᠷ᠂ ᠠᠮᠢᠳᠤ ᠵᠢᠭᠦᠷᠲᠡᠨ ᠮᠠᠯ ᠤᠨ ᠬᠢᠵᠢᠭ ᠡᠪᠡᠳᠴᠢᠨ ᠳᠡᠯᠭᠡᠷᠡᠬᠦ ᠬᠦᠨᠳᠦ ᠶᠡᠭᠡ ᠳᠠᠯᠳᠠ ᠭᠡᠮ ᠣᠷᠣᠰᠢᠵᠤ᠂ | ᠬᠥᠮᠦᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠤ ᠬᠤᠤᠷ ᠬᠥᠨᠥᠭᠡᠯ ᠤᠴᠠᠷᠠᠭᠤᠯᠬᠤ ᠶᠢᠨ ᠬᠠᠮᠲᠤ | ᠬᠤᠲᠠ ᠶᠢᠨ ᠳᠦᠷᠢ ᠲᠥᠷᠬᠦ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠦᠨᠳᠦ ᠨᠣᠴᠢᠲᠠᠶ ᠨᠦᠯᠦᠭᠡᠯᠡᠬᠦ | ᠪᠣᠯᠬᠤᠷ᠂ ᠥᠷᠭᠡᠨ ᠣᠯᠠᠨ ᠰᠠᠭᠤᠭᠠᠯᠢ ᠠᠷᠠᠳ ᠠᠮᠢ ᠨᠠᠰᠤᠨ ᠤ ᠡᠷᠡᠭᠦᠯ ᠮᠡᠨᠳᠦ ᠶᠢ ᠪᠠᠲᠤᠯᠠᠬᠤ᠂ ᠰᠠᠶᠢᠨ ᠰᠠᠶᠢᠬᠠᠨ | ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠠᠴᠠ ᠪᠣᠳᠣᠯᠬᠢᠯᠠᠵᠤ᠂ ᠪᠠᠯᠭᠠᠰᠤᠨ ᠤ ᠳᠣᠲᠣᠷ᠎ᠠ | ᠬᠡᠷ ᠤᠨ ᠵᠢᠭᠦᠷᠲᠡᠨ ᠬᠡᠷ ᠤᠨ ᠲᠡᠵᠢᠭᠡᠪᠦᠷᠢ ᠦᠭᠡᠢ ᠪᠠᠶᠢᠵᠤ᠂ ᠲᠣᠰ ᠠᠯᠪᠠᠨ ᠵᠠᠷ ᠢ ᠬᠡᠷᠡᠭᠵᠢᠭᠦᠯᠦᠨ | ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠬᠡᠷᠡᠭᠲᠡᠶ᠃ | ᠭᠤᠷᠪᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠪᠡᠯᠭᠦᠳᠡᠢ ᠪᠠᠯᠭᠠᠰᠤᠨ ᠤ ᠠᠷᠠᠤᠨ ᠤᠨ ᠵᠠᠰᠠᠭ ᠤᠨ ᠤᠷᠳᠤᠨ | 2024 ᠣᠨ ᠤ 6 ᠰᠠᠷ᠎ᠠ ᠶᠢᠨ 8 ᠤ ᠡᠳᠦᠷ |