ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ 1 - 7 ᠰᠠᠷ᠎ᠠ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠨᠢᠭᠡᠨᠲᠡ ᠲᠠᠷᠬᠠᠭᠠᠪᠠ
ᠨᠡᠶᠢᠲᠡᠯᠡᠭᠰᠡᠨ ᠴᠠᠭ᠄
2024/7/12
   ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠱᠠᠲᠤᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠰᠢᠢᠳᠪᠦᠷᠢᠯᠡᠵᠦ᠂ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠪᠠ᠃    ᠨᠢᠭᠡ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠦᠩᠭᠦ    2024 ᠣᠨ ᠤ 1 ᠰᠠᠷ᠎ᠠ ᠠᠴᠠ 7 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠨᠡᠶᠢᠲᠡ 893 ᠡᠷᠦᠬᠡ 1231 ᠬᠦᠮᠦᠨ ᠪᠠᠶᠢᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠨᠡᠶᠢᠲᠡ 528.7087 ᠲᠦᠮᠡᠨ ᠲᠥᠭᠦᠷᠢᠭ ᠲᠠᠷᠬᠠᠭᠠᠪᠠ᠃    7 ᠰᠠᠷ᠎ᠠ ᠶᠢᠨ ᠲᠣᠰ ᠰᠠᠷ᠎ᠠ ᠳᠤ ᠬᠤᠲᠠ ᠪᠠᠯᠭᠠᠰᠤᠨ ᠤ 544 ᠡᠷᠦᠬᠡ ᠶᠢᠨ 734 ᠬᠥᠮᠦᠨ ᠤ 47.9414 ᠲᠦᠮᠡᠨ ᠲᠥᠭᠦᠷᠢᠭ ᠢ ᠨᠢᠭᠡᠨᠲᠡ ᠲᠠᠷᠬᠠᠭᠠᠪᠠ︔ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ 349 ᠡᠷᠦᠬᠡ ᠶᠢᠨ 497 ᠬᠦᠮᠦᠨ ᠤ 27.2793 ᠲᠦᠮᠡᠨ ᠲᠥᠭᠦᠷᠢᠭ ᠢ ᠨᠢᠭᠡᠨᠲᠡ  ᠲᠠᠷᠬᠠᠭᠠᠪᠠ᠃    ᠬᠤᠶᠠᠷ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠦᠩᠭᠦ    ᠣᠨᠴᠠ ᠬᠦᠴᠢᠷᠳᠡᠯᠲᠡᠶ 84 ᠬᠦᠮᠦᠨ ᠪᠠᠶᠢᠵᠤ᠂ ᠨᠡᠶᠢᠲᠡ 96.344 ᠲᠦᠮᠡᠨ ᠲᠥᠭᠦᠷᠢᠭ ᠤᠨ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ ᠪᠠᠯᠠ ᠮᠥᠩᠭᠦ ᠲᠠᠷᠬᠠᠭᠠᠪᠠ᠂ ᠡᠭᠦᠨ ᠳᠤ᠄ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ 78.88 ᠲᠦᠮᠡᠨ ᠲᠥᠭᠦᠷᠢᠭ᠂ ᠬᠠᠷᠠᠭᠠᠯᠵᠠᠨ ᠰᠤᠪᠢᠯᠠᠬᠤ ᠨᠥᠬᠦᠪᠥᠷᠢ 17.464 ᠲᠦᠮᠡᠨ ᠲᠥᠭᠦᠷᠢᠭ ᠲᠠᠷᠬᠠᠭᠠᠪᠠ᠃    7 ᠰᠠᠷ᠎ᠠ ᠶᠢᠨ ᠲᠣᠰ ᠰᠠᠷ᠎ᠠ ᠳᠤ ᠬᠤᠲᠠ ᠬᠥᠳᠡᠭᠡ ᠶᠢᠨ 84 ᠬᠥᠮᠦᠨ ᠤ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ 11.424 ᠲᠦᠮᠡᠨ ᠲᠥᠭᠦᠷᠢᠭ ᠲᠠᠷᠬᠠᠭᠠᠵᠤ᠂ ᠠᠰᠠᠷᠠᠨ ᠰᠤᠪᠢᠯᠠᠬᠤ ᠨᠥᠬᠦᠪᠥᠷᠢ 2.5715 ᠲᠦᠮᠡᠨ ᠲᠥᠭᠦᠷᠢᠭ ᠲᠠᠷᠬᠠᠭᠠᠪᠠ᠃    ᠭᠤᠷᠪᠠ᠂ ᠬᠡᠦᠬᠡᠳ ᠤᠨ ᠠᠰᠠᠷᠠᠮᠵᠢ ᠶᠢᠨ ᠪᠡᠯᠡ ᠮᠦᠩᠭᠦ    ᠨᠡᠶᠢᠲᠡ 2 ᠥᠨᠥᠴᠢᠨ ᠬᠡᠦᠬᠡᠳ ᠢ ᠪᠠᠲᠤᠯᠠᠵᠤ᠂ ᠠᠰᠠᠷᠠᠨ ᠬᠥᠮᠦᠵᠢᠭᠦᠯᠬᠦ ᠪᠡᠯᠡ ᠮᠥᠩᠭᠦ 2.7902 ᠲᠦᠮᠡᠨ ᠲᠥᠭᠦᠷᠢᠭ ᠲᠠᠷᠬᠠᠭᠠᠪᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ ᠬᠡᠤᠬᠡᠳ 5 ᠬᠥᠮᠦᠨ ᠪᠠᠶᠢᠵᠤ᠂ ᠦᠨᠳᠦᠰᠦᠨ ᠠᠮᠢᠳᠤᠷᠠᠯ ᠤᠨ ᠨᠥᠬᠦᠪᠥᠷᠢ 5.2689 ᠲᠦᠮᠡᠨ ᠲᠥᠭᠦᠷᠢᠭ ᠲᠠᠷᠬᠠᠭᠠᠪᠠ᠃    7 ᠰᠠᠷ᠎ᠠ ᠶᠢᠨ ᠲᠣᠰ ᠰᠠᠷ᠎ᠠ ᠳᠤ ᠥᠨᠥᠴᠢᠨ ᠬᠡᠦᠬᠡᠳ ᠢ ᠠᠰᠠᠷᠠᠨ ᠲᠡᠵᠢᠭᠡᠬᠦ ᠮᠥᠩᠭᠦ 2 ᠬᠥᠮᠦᠨ ᠤ 0.3986 ᠲᠦᠮᠡᠨ ᠲᠥᠭᠦᠷᠢᠭ ᠲᠠᠷᠬᠠᠭᠠᠪᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ ᠬᠡᠤᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ 5 ᠬᠥᠮᠦᠨ ᠤ 0.7527 ᠲᠦᠮᠡᠨ ᠲᠥᠭᠦᠷᠢᠭ ᠲᠡᠷᠬᠠᠭᠠᠪᠠ᠃ ᠶᠡᠭᠡ ᠰᠤᠷᠭᠠᠭᠤᠯᠢ ᠳᠤ 1ᠣᠶᠤᠲᠠᠨ ᠦᠨᠦᠴᠢᠨ ᠬᠡᠣᠬᠡᠳ ᠪᠠᠶᠢᠵᠤ᠂ ︽ᠵᠣᠯ ᠵᠢᠷᠭᠠᠯᠲᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ︾ ᠤᠨ ᠰᠤᠷᠤᠯᠭ᠎ᠠ ᠶᠢ ᠲᠡᠳᠬᠦᠬᠦ ᠨᠥᠬᠦᠪᠥᠷᠢ ᠪᠡᠯᠡ ᠮᠥᠩᠭᠦ 0. 125 ᠲᠦᠮᠡᠨ ᠲᠥᠭᠦᠷᠢᠭ ᠲᠡᠷᠬᠠᠭᠠᠪᠠ᠃    ᠳᠥᠷᠪᠡ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠦᠩᠭᠦ    ᠲᠦᠷ ᠴᠠᠭ ᠤᠨ ᠠᠪᠤᠷᠠᠨ ᠲᠤᠰᠠᠯᠠᠬᠤ 65 ᠬᠥᠮᠦᠨ ᠪᠠᠶᠢᠵᠤ᠂ 19.7247 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ᠃    ᠲᠠᠪᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ    ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢ 71.41 ᠲᠦᠮᠡᠨ ᠲᠥᠭᠦᠷᠢᠭ ᠲᠠᠷᠬᠠᠭᠠᠵᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ 1014 ᠬᠥᠮᠦᠨ᠂ ᠡᠭᠦᠨ ᠳᠤ᠄ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ 27.07 ᠲᠦᠮᠡᠨ ᠲᠥᠭᠦᠷᠢᠭ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ 385 ᠬᠥᠮᠦᠨ︔ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ 44.34 ᠲᠦᠮᠡᠨ ᠲᠥᠭᠦᠷᠢᠭ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ 629 ᠬᠥᠮᠦᠨ ᠪᠣᠶ᠃
 
ᠢᠷᠡᠯᠲᠡ᠄ ᠠᠪᠠᠭ᠎ᠠ ᠬᠤᠰᠢᠭᠤᠨ ᠤ ᠠᠷᠠᠳ ᠶᠢᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号