7 ᠰᠠᠷ᠎ᠠ ᠶᠢᠨ 8 ᠤ ᠡᠳᠦᠷ᠂ ᠮᠠᠨ ᠤ ᠬᠤᠰᠢᠭᠤᠨ ᠤ ᠤᠯᠠᠭᠠᠨᠮᠥ᠋ᠴᠢᠷ ᠤᠨ ᠬᠢᠨ ᠤᠷᠢᠯᠭ᠎ᠠ ᠪᠠᠷ ᠰᠢᠯᠤᠭᠤᠨ | ᠬᠥᠬᠡ ᠬᠤᠰᠢᠭᠤᠨ ᠤ ᠬᠤᠪᠢᠯᠠᠢ ᠠᠭᠤᠳᠠᠮ ᠲᠠᠯᠠᠪᠠᠢ ᠳᠤ ︽ᠠᠷᠠᠳ ᠲᠥᠮᠡᠨ ᠤ ᠳᠤᠮᠳᠠ ᠭᠦᠨᠵᠡᠭᠡᠶᠢᠷᠡᠬᠦ 2024 | ᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ︾ ᠭᠡᠬᠦ ᠰᠡᠳᠦᠪᠳᠦ ᠰᠣᠯᠢᠯᠴᠠᠭᠠᠨ ᠤ ᠲᠣᠭᠯᠠᠯᠲᠠ ᠪᠠᠨ ᠣᠯᠠᠨ | ᠲᠦᠮᠡᠨ ᠳᠤ ᠰᠤᠨᠢᠷᠬᠠᠭᠤᠯᠵᠦ᠂ ᠰᠢᠯᠤᠭᠤᠨ ᠬᠥᠬᠡ ᠬᠤᠰᠢᠭᠤᠨ ᠤ 2024 ᠣᠨ ᠤ ︽ᠰᠢᠷ᠎ᠠ ᠲᠠᠯ᠎ᠠ ᠶᠢᠨ ᠵᠤᠨ︾ | ᠣᠯᠠᠨ ᠲᠥᠮᠡᠨᠴᠢ ᠤᠷᠠᠨ ᠰᠠᠶᠢᠬᠠᠨ ᠤ ᠰᠢᠷᠢᠰ ᠲᠣᠭᠯᠠᠯᠲᠠ ᠶᠢᠨ ᠰᠠᠯᠬᠢ ᠶᠢ ᠬᠠᠭᠠᠯᠤᠯ᠎ᠠ᠃ | ᠬᠤᠰᠢᠭᠤ ᠤᠯᠠᠭᠠᠨᠮᠦ᠋ᠴᠢᠷ ᠤᠨ ᠲᠤᠭᠯᠠᠭᠴᠢᠳ ᠲᠤᠰ ᠤᠳᠠᠭᠠᠨ ᠤ ᠲᠣᠭᠯᠠᠯᠲᠠ ᠪᠠᠨ ᠨᠠᠷᠢᠨ ᠨᠢᠮᠪᠠᠢ | ᠪᠡᠯᠡᠳᠬᠡᠵᠦ ᠪᠤᠯᠪᠠᠰᠤᠷᠠᠭᠰᠠᠨ ᠶᠤᠮ᠃ ᠡᠶᠢᠨᠬᠦ ᠡᠨᠡᠬᠦ ᠲᠤᠭᠯᠠᠯᠳᠠ ᠨᠢ ︽ᠴᠣᠭᠤᠷ ᠳᠠᠭᠤᠤ ︾ ᠪᠠᠷ ᠬᠥᠰᠢᠭᠡ ᠪᠠᠨ | ᠰᠡᠬᠦᠵᠦ᠂ ︽ᠤᠮᠠᠷᠠᠲᠤ ᠬᠢᠯᠢ ᠶᠢᠨ ᠬᠦᠨᠳᠦᠳᠬᠡᠯ︾᠂ ︽ᠮᠠᠯᠴᠢᠳ ᠨᠠᠮ ᠢᠶᠠᠨ ᠮᠠᠭᠲᠠᠨ ᠳᠠᠭᠤᠯᠠᠨ᠎ᠠ︾᠂ ︽ᠪᠢᠳᠡ | ᠨᠢᠭᠡ ᠭᠡᠷ ᠪᠦᠯᠢ︾᠂ ︽ᠦᠵᠡᠰᠬᠦᠯᠡᠩᠲᠤ ᠰᠠᠶᠢᠬᠠᠨ ᠳᠤᠮᠳᠠᠳᠤ ᠤᠯᠤᠰ︾᠂ ︽ᠰᠡᠩᠰᠡᠨ ᠬᠠᠷ᠎ᠠ ᠠᠳᠤᠭᠤ︾᠂ ︽ | ᠰᠢᠯᠢᠨ ᠭᠠᠯᠵᠠᠭᠤ ᠪᠠᠭᠠᠲᠤᠷ︾᠂ ︽ᠭᠠᠩᠭᠠᠩ ᠬᠠᠷ᠎ᠠ︾ ᠵᠡᠷᠭᠡ ᠠᠶ᠎ᠠ ᠳᠠᠭᠤᠤ᠂ ᠤᠷᠠᠨ ᠪᠥᠵᠢᠭ᠂ ᠠᠶᠠᠯᠭᠤ | ᠬᠥᠭᠵᠢᠮ ᠤᠨ ᠲᠣᠭᠯᠠᠯᠲᠠ ᠪᠠᠷ ᠢᠶᠠᠨ ᠦᠵᠡᠭᠴᠢ ᠣᠯᠠᠨ ᠤ ᠬᠠᠷᠠᠭ᠎ᠠ ᠰᠣᠨᠣᠷ ᠢ ᠪᠠᠶᠠᠰᠬᠠᠵᠤ᠂ ᠲᠠᠯ᠎ᠠ ᠨᠤᠲᠤᠭ ᠤᠨ | ᠬᠥᠪᠡᠭᠦᠳ ᠦᠬᠢᠳ ᠤᠨ ᠨᠠᠮ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠳᠬᠡᠨ᠂ ᠤᠯᠠᠭᠠᠨᠮᠦ᠋ᠴᠢᠷ ᠪᠠ | ᠠᠷᠠᠳ ᠲᠥᠮᠡᠨ ᠤ ︽ᠨᠢᠭᠡ ᠭᠡᠷ ᠪᠦᠯᠢ ᠮᠡᠳᠦ ᠲᠤᠳᠤᠨᠤ︾ ᠭᠦᠨ ᠵᠤᠵᠠᠭᠠᠨ ᠨᠥᠬᠦᠷᠯᠡᠯ ᠢ ᠬᠠᠷᠠᠭᠤᠯᠤᠭᠰᠠᠨ | ᠪᠠᠶᠢᠨ᠎ᠠ᠃ | ᠲᠤᠭᠯᠠᠭᠴᠢᠳ ᠮᠠᠨᠢ ᠰᠡᠳᠬᠢᠯ ᠤᠷᠬᠢᠯᠤᠮ᠎ᠠ᠂ ᠮᠡᠷᠭᠡᠵᠢᠯ ᠭᠤᠶᠢᠳᠠ ᠪᠠᠷ ᠲᠤᠭᠯᠠᠯᠳᠠ ᠪᠦᠬᠦᠨ ᠢᠶᠠᠨ ᠲᠤᠭᠯᠠᠯᠳᠠ | ᠶᠢᠨ ᠲᠠᠶᠢᠰᠠᠨ᠎ᠠ ᠠᠮᠢᠯᠠᠭᠤᠯᠵᠦ᠂ ᠠᠬᠤᠢ ᠲᠠᠯᠠᠪᠠᠢ ᠶᠢᠨ ᠠᠭᠤᠷ ᠠᠮᠢᠰᠬᠤᠯ ᠢ ᠬᠦᠷ ᠬᠦᠭᠵᠢᠶᠠᠨ ᠢᠶᠠᠷ | ᠪᠢᠯᠬᠠᠭᠤᠯᠵᠦ᠂ ᠠᠯᠠᠭ᠎ᠠ ᠲᠠᠰᠢᠯᠳᠠ ᠶᠢᠨ ᠲᠠᠭᠤᠨ ᠦᠶ᠎ᠡ ᠦᠶ᠎ᠡ ᠨᠢᠵᠢᠭᠢᠨᠡᠨ᠂ ᠬᠤᠷᠠᠭᠰᠠᠨ ᠣᠯᠠᠨ ᠤ ᠰᠡᠳᠬᠢᠯ ᠢ | ᠪᠠᠶᠠᠰᠬᠠᠵᠦ᠂ ᠬᠠᠷᠠᠭ᠎ᠠ ᠶᠢ ᠮᠢᠯᠢᠶᠠᠯ᠎ᠠ᠃ | ᠰᠢᠯᠤᠭᠤᠨ ᠬᠦᠭᠡ ᠬᠤᠰᠢᠭᠤᠨ ᠤ ︽ᠰᠢᠷ᠎ᠠ ᠲᠠᠯ᠎ᠠ ᠶᠢᠨ ᠵᠤᠨ︾ ᠣᠯᠠᠨ ᠲᠥᠮᠡᠨᠴᠢ ᠤᠷᠠᠨ ᠰᠠᠶᠢᠬᠠᠨ ᠤ | ᠰᠢᠷᠢᠰ ᠲᠣᠭᠯᠠᠯᠲᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠦ᠂ ᠦᠨᠳᠦᠰᠦᠲᠡᠨ ᠨᠦᠭᠦᠳ ᠤᠨ ᠣᠯᠠᠨ | ᠲᠥᠮᠡᠨ ᠤ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠶᠢ ᠠᠬᠢᠭᠤᠯᠤᠨ᠂ ᠺᠠᠳ᠋ᠷ ᠣᠯᠠᠨ ᠲᠥᠮᠡᠨ ᠳᠤ | ᠣᠶᠤᠨ ᠰᠠᠨᠠᠭᠠᠨ ᠤ ᠬᠦᠷᠲᠡᠭᠡᠯ ᠪᠣᠯᠵᠤ᠂ ᠤᠷᠠᠯᠢᠭ ᠲᠤ ᠪᠠᠬ᠎ᠠ ᠲᠠᠢ ᠣᠯᠠᠨ ᠲᠥᠮᠡᠨ ᠳᠤ ᠠᠪᠢᠶᠠᠰ ᠢᠶᠠᠨ | ᠪᠠᠳᠠᠷᠠᠭᠤᠯᠬᠤ ᠳᠠᠪᠴᠠᠩ ᠬᠠᠩᠭᠠᠨ᠂ ᠰᠠᠶᠢᠨ ᠰᠠᠶᠢᠬᠠᠨ ᠭᠡᠷ ᠣᠷᠤᠨ ᠢᠶᠠᠨ ᠬᠠᠮᠲᠤ ᠪᠠᠷ ᠴᠤᠭᠴᠠᠯᠠᠨ ᠪᠠᠶᠢᠭᠤᠯᠬᠤ | ᠠᠭᠤᠷ ᠠᠮᠢᠰᠬᠤᠯ ᠢ ᠦᠳᠬᠡᠷᠡᠬᠦᠯᠬᠦ ᠪᠣᠯᠤᠨ᠎ᠠ᠃ |