ᠮᠠᠯ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠯ ᠤᠨ | ᠵᠠᠷᠤᠴᠠᠭᠤᠯᠤᠯᠳᠠ ᠶᠢᠨ ᠵᠠᠮ ᠢ ᠥᠷᠭᠡᠳᠬᠡᠬᠦ ᠵᠤᠷᠢᠯᠭ᠎ᠠ ᠪᠠᠷ᠂ ᠪᠠᠶᠠᠨᠲᠤᠭ ᠰᠤᠮᠤ ᠨᠢ ︽ᠪᠠᠶᠠᠨᠲᠤᠭ ᠮᠠᠯ ᠤᠨ | ᠠᠷᠠᠯᠵᠢᠶᠠᠨ ᠤ ᠵᠠᠬ᠎ᠠ︾ ᠶᠢ ᠪᠠᠶᠢᠭᠤᠯᠵᠤ᠂ 7 ᠰᠠᠷ᠎ᠠ ᠶᠢᠨ 10 ᠤ ᠡᠳᠦᠷ᠂ ᠡᠷᠦᠬᠡ ᠪᠠᠨ ᠰᠡᠬᠦᠵᠦ ᠡᠵᠡᠩᠨᠡᠯᠳᠡ ᠪᠠᠨ | ᠡᠬᠢᠯᠡᠬᠦᠯᠦᠯ᠎ᠡ᠃ ᠡᠨᠡᠬᠦ ᠲᠥᠪᠯᠡᠷᠡᠩᠭᠦᠢ ᠪᠥᠭᠡᠳ ᠳᠦᠷᠢᠮᠵᠢᠭᠦᠨ ᠠᠷᠠᠯᠵᠢᠶᠠᠨ ᠤ ᠵᠠᠬ᠎ᠠ ᠳᠤ᠂ ᠭᠠᠵᠠᠷ ᠭᠠᠵᠠᠷ ᠠᠴᠠ | ᠬᠤᠷᠠᠨ ᠴᠤᠭᠯᠠᠷᠠᠭᠰᠠᠨ ᠠᠷᠠᠯᠵᠢᠶᠠᠴᠢᠨ ᠪᠠ ᠮᠠᠯᠴᠢᠨ ᠲᠥᠮᠡᠨ ᠮᠠᠯ ᠤᠨᠤᠭ᠎ᠠ ᠪᠠᠨ ᠦᠵᠡᠬᠦᠯᠦᠨ᠂ ᠦᠨ᠎ᠡ ᠶᠠᠷᠢᠯᠴᠠᠨ | ᠶᠠᠭᠠᠷᠠᠯᠲᠠᠢ ᠰᠦᠯᠵᠢᠯᠳᠦᠵᠦ᠂ ᠬᠦᠭᠵᠢᠶᠠᠨᠳᠠᠢ ᠯᠡ ᠪᠠᠶᠢᠯ᠎ᠠ᠃ ᠮᠠᠯ ᠲᠡᠭᠡᠭᠡᠭᠰᠡᠨ ᠲᠣᠮᠣ᠂ ᠵᠢᠵᠢᠭ ᠠᠴᠢᠶᠠᠨ ᠤ | ᠮᠠᠰᠢᠨ ᠠᠷᠠᠯᠵᠢᠶᠠᠨ ᠤ ᠵᠠᠬ᠎ᠠ ᠶᠢᠨ ᠲᠣᠮᠤ ᠡᠭᠦᠳᠡ ᠪᠠᠷ ᠡᠮᠬᠢ ᠳᠢᠭᠯᠢᠮ ᠲᠠᠢ ᠤᠷᠤᠵᠠᠭᠠᠨ᠎ᠠ᠃ | ︽ᠪᠠᠶᠠᠨᠲᠤᠭ ᠮᠠᠯ ᠤᠨ ᠠᠷᠠᠯᠵᠢᠶᠠᠨ ᠤ ᠵᠠᠬ᠎ᠠ︾ ᠨᠢ 1000 ᠬᠠᠪᠳᠠᠭᠠᠢ ᠳᠥᠷᠪᠡᠯᠵᠢᠨ ᠮᠧᠲᠷ ᠤᠨ ᠲᠠᠯᠠᠪᠠᠢ | ᠡᠵᠡᠯᠡᠵᠦ᠂ ᠣᠳᠣᠬᠠᠨ ᠳᠤ ᠦᠬᠡᠷ ᠬᠤᠨᠢ ᠬᠤᠷᠢᠵᠤ ᠠᠷᠠᠯᠵᠢᠶᠠᠯᠠᠬᠤ ᠬᠠᠰᠢᠶ᠎ᠡ 16 ᠪᠠᠶᠢᠵᠤ᠂ ᠡᠪᠡᠰᠦ ᠪᠣᠷᠳᠤᠭ᠎ᠠ | ᠲᠦᠷ ᠬᠠᠳᠠᠭᠠᠯᠠᠬᠤ ᠫᠧᠩ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠵᠢᠴᠢ ᠬᠢᠵᠢᠭ ᠪᠠᠶᠢᠴᠠᠭᠠᠬᠤ ᠲᠠᠰᠤᠭ | ᠵᠡᠷᠭᠡ ᠶᠢ ᠪᠦᠷᠢᠨᠰᠢᠭᠦᠯᠵᠦ᠂ 400 ᠦᠬᠡᠷ ᠪᠤᠶᠤ 1000 ᠬᠤᠨᠢ ᠶᠢ ᠠᠷᠠᠯᠵᠢᠶᠠᠯᠠᠬᠤ ᠴᠢᠳᠠᠮᠵᠢ ᠶᠢ | ᠪᠦᠷᠢᠳᠦᠬᠦᠯᠵᠠᠢ᠃ ︽ᠪᠠᠶᠠᠨᠲᠤᠭ ᠮᠠᠯ ᠤᠨ ᠠᠷᠠᠯᠵᠢᠶᠠᠨ ᠤ ᠵᠠᠬ᠎ᠠ︾ ᠶᠢᠨ ᠪᠠᠶᠢᠭᠤᠯᠤᠭᠳᠠᠭᠰᠠᠨ ᠨᠢ ᠪᠠᠶᠠᠨᠳᠤᠭ | ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠴᠢᠨ ᠲᠦᠮᠡᠨ ᠤ ᠣᠷᠣᠯᠭ᠎ᠠ ᠶᠢᠨ ᠨᠡᠮᠡᠭᠳᠡᠯ ᠢ | ᠠᠬᠢᠭᠤᠯᠬᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠣᠷᠢᠯᠭ᠎ᠠ ᠪᠦᠬᠦᠢ ᠨᠢᠭᠡ | ᠤᠳᠠᠭᠠᠨ ᠤ ᠡᠷᠴᠢᠮᠲᠡᠢ ᠠᠵᠢᠯᠯᠠᠭ᠎ᠠ ᠮᠥᠨ᠃ ᠡᠨᠡ ᠨᠢ ᠮᠠᠯᠵᠢᠬᠤ ᠡᠷᠦᠬᠡ ᠳᠤ ᠠᠰᠢᠭᠯᠠᠮᠵᠢ ᠪᠠᠷ ᠦᠨᠳᠦᠷ᠂ | ᠥᠪᠡᠷ ᠤᠨ ᠥᠷᠲᠡᠭ ᠢᠶᠠᠷ ᠳᠣᠤᠷ᠎ᠠ ᠮᠠᠯ ᠤᠨ ᠠᠷᠠᠯᠵᠢᠶᠠᠨ ᠤ ᠲᠠᠪᠴᠠᠩ ᠬᠠᠩᠭᠠᠵᠤ᠂ ᠮᠠᠯ ᠤᠨ ᠠᠷᠠᠯᠵᠢᠶᠠᠨ ᠤ ᠦᠷ᠎ᠡ | ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠮᠠᠯᠵᠢᠬᠤ ᠡᠷᠦᠬᠡ ᠳᠤ ᠢᠯᠡ ᠲᠣᠳᠣ | ᠵᠠᠬ᠎ᠠ ᠳᠡᠯᠭᠡᠭᠦᠷ ᠤᠨ ᠯᠠᠪᠯᠠᠯᠲᠠ ᠶᠢᠨ ᠦᠨ᠎ᠡ ᠬᠠᠩᠰᠢ ᠶᠢ ᠴᠠᠭ ᠲᠤᠬᠠᠶ ᠳᠤᠨᠢ ᠣᠶᠢᠯᠠᠭᠠᠭᠤᠯᠤᠭᠰᠠᠨ ᠪᠠᠶᠢᠨ᠎ᠠ᠃ | ᠠᠷᠠᠯᠵᠢᠶᠠᠨ ᠤ ᠵᠠᠬ᠎ᠠ ᠡᠷᠦᠬᠡ ᠪᠠᠨ ᠰᠡᠬᠦᠭᠰᠡᠨ ᠠᠩᠬᠠᠨ ᠤ ᠡᠳᠦᠷ ᠲᠤ 70 ᠭᠠᠷᠤᠶ ᠮᠠᠯ ᠠᠷᠠᠯᠵᠢᠶᠠᠯᠠᠭᠰᠠᠨ | ᠪᠠᠶᠢᠨ᠎ᠠ᠃ ᠣᠶᠢᠯᠠᠭᠠᠭᠰᠠᠨ ᠢᠶᠠᠷ᠂ ᠮᠠᠯ ᠤᠨ ᠠᠷᠠᠯᠵᠢᠶᠠᠨ ᠤ ᠵᠠᠬ᠎ᠠ ᠨᠢ ᠡᠳᠦᠷ ᠪᠦᠷᠢ ᠡᠵᠡᠩᠨᠡᠯᠳᠡ ᠲᠠᠢ᠂ ᠡᠭᠦᠨ ᠳᠤ | ᠭᠠᠷᠠᠭ ᠤᠨ ᠬᠤᠶᠠᠷ᠂ ᠭᠠᠷᠠᠭ ᠤᠨ ᠲᠠᠪᠤᠨ ᠪᠣᠯᠭᠠᠨ ᠳᠤ ᠲᠣᠮᠣ ᠠᠷᠠᠯᠵᠢᠶᠠᠴᠢᠨ ᠢᠷᠡᠵᠦ ᠮᠠᠯ ᠬᠤᠳᠠᠯᠳᠤᠨ ᠠᠪᠬᠤ | ᠶᠤᠮ ᠪᠠᠶᠢᠨ᠎ᠠ᠃ ᠪᠠᠶᠠᠨᠲᠤᠭ ᠰᠤᠮᠤ ᠨᠢ ︽ᠦᠢᠯᠡᠴᠢᠯᠡᠭᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢᠶᠠᠷ | ᠦᠢᠯᠡᠴᠢᠯᠡᠭᠡ ᠶᠢ ᠲᠡᠭᠡᠳᠦᠯᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠂ ᠮᠠᠯ ᠤᠨ ᠠᠷᠠᠯᠵᠢᠶᠠᠨ ᠤ ᠵᠠᠬ᠎ᠠ ᠶᠢᠨ ᠲᠦᠷᠢᠮᠵᠢᠬᠦᠨ | ᠡᠮᠬᠢ ᠴᠡᠭᠴᠡ ᠲᠠᠢ ᠶᠠᠪᠤᠭᠳᠠᠬᠤ ᠶᠢ ᠪᠠᠳᠤᠯᠠᠨ᠎ᠠ᠃ |