ᠰᠠᠷ᠎ᠠ ᠶᠢᠨ 5 ᠤ ᠡᠳᠦᠷ᠂ ᠵᠢᠷᠭᠠᠯᠠᠩᠳᠤ ᠰᠤᠮᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠡᠷᠦᠬᠡ ᠪᠠᠨ | ᠰᠡᠬᠦᠵᠦ᠂ ᠭᠠᠳᠠᠷ ᠣᠷᠣᠨ ᠤ ᠬᠤᠳᠠᠯᠳᠤᠭᠠᠴᠢᠨ ᠵᠢᠴᠢ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ | ᠪᠣᠯᠤᠨ ᠮᠠᠯᠵᠢᠬᠤ ᠡᠷᠦᠬᠡ ᠶᠢᠨ ᠠᠩᠬᠠᠷᠤᠯ ᠳᠤ ᠬᠦᠷᠦᠭᠰᠡᠨ ᠪᠠᠶᠢᠨ᠎ᠠ᠃ ᠠᠷᠠᠯᠵᠢᠶᠠᠨ ᠤ ᠵᠠᠬ᠎ᠠ ᠳᠤ ᠠᠴᠢᠶᠠᠨ ᠤ | ᠮᠠᠰᠢᠨ ᠶᠠᠭᠠᠷᠠᠯᠲᠠᠢ ᠵᠥᠷᠢᠯᠳᠦᠵᠦ᠂ ᠠᠮᠢᠳᠤ ᠮᠠᠯ ᠤᠨ ᠠᠷᠠᠯᠵᠢᠶᠠᠨ ᠤ ᠦᠨ᠎ᠡ ᠬᠠᠩᠰᠢ ᠶᠢᠨ ᠪᠠᠶᠢᠳᠠᠯ ᠢ | ᠰᠤᠷᠠᠭᠯᠠᠬᠤ ᠪᠠᠷ ᠢᠷᠡᠭᠰᠡᠨ ᠮᠠᠯᠴᠢᠳ ᠲᠠᠰᠤᠷᠠᠯᠳᠡ ᠦᠭᠡᠢ ᠣᠯᠠᠰᠢᠷᠠᠵᠤ᠂ ᠠᠷᠠᠯᠵᠢᠶ᠎ᠠ ᠮᠠᠶᠢᠮᠠᠢ ᠬᠥᠭᠵᠢᠶᠡᠨᠲᠡᠢ ᠯᠡ | ᠪᠠᠶᠢᠯ᠎ᠠ᠃ ᠡᠨᠡᠬᠦ ᠠᠮᠢᠳᠦ ᠮᠠᠯ ᠤᠨ ᠠᠷᠠᠯᠵᠢᠶᠠᠨ ᠤ ᠵᠠᠬ᠎ᠠ ᠨᠢ ᠡᠷᠦᠭᠡ ᠰᠡᠬᠦᠭᠰᠡᠨ ᠠᠩᠬᠠᠨ ᠤ ᠡᠳᠦᠷ ᠢᠶᠠᠨ | ᠬᠤᠶᠠᠷᠬᠠᠨ ᠴᠠᠭ ᠤᠨ ᠲᠤᠳᠤᠷ᠎ᠠ 108 ᠦᠭᠡᠷ ᠤᠨ ᠮᠠᠶᠢᠮᠠᠢ ᠪᠦᠳᠦᠵᠦ᠂ ᠠᠷᠠᠯᠵᠢᠶᠠᠯᠠᠭᠰᠠᠨ ᠦᠨ᠎ᠡ 50 ᠭᠠᠷᠤᠢ | ᠲᠦᠮᠡᠨ ᠲᠦᠬᠦᠷᠢᠭ ᠲᠤ ᠬᠦᠷᠦᠭᠰᠡᠨ ︽ᠰᠠᠶᠢᠨ ᠡᠬᠢᠯᠡᠯᠳᠡ︾ ᠪᠠᠷ ᠤᠭᠳᠤᠯ᠎ᠠ᠃ | ᠵᠢᠷᠭᠠᠯᠠᠩᠲᠤ ᠰᠤᠮᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ 2 ᠲᠦᠮᠡᠨ ᠬᠠᠪᠳᠠᠭᠠᠢ ᠳᠥᠷᠪᠡᠯᠵᠢᠨ | ᠮᠧᠲᠷ ᠤᠨ ᠲᠠᠯᠠᠪᠠᠢ ᠡᠵᠡᠯᠡᠵᠦ᠂ ᠣᠳᠣᠬᠠᠨ ᠳᠤ ᠡᠪᠡᠰᠦ ᠪᠤᠷᠳᠤᠭᠠᠨ ᠤ ᠬᠥᠮᠥᠷᠭᠡ᠂ ᠬᠤᠷᠤᠭ᠎ᠠ ᠬᠠᠰᠢᠶ᠎ᠠ᠂ | ᠡᠯᠧᠺᠲᠷᠣᠨ ᠵᠢᠩᠯᠡᠭᠦᠷ᠂ ᠠᠴᠢᠵᠤ ᠪᠠᠭᠤᠯᠭᠠᠬᠤ ᠭᠠᠵᠠᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ᠂ | ᠢᠳᠡᠵᠦ ᠤᠤᠭᠤᠬᠤ ᠬᠤᠨᠣᠵᠤ ᠬᠡᠪᠲᠡᠬᠦ ᠲᠤᠭᠤᠷᠢᠭ ᠵᠢᠴᠢ ᠬᠢᠵᠢᠭ ᠪᠠᠶᠢᠴᠠᠭᠠᠬᠤ ᠲᠠᠰᠤᠭ ᠵᠡᠷᠭᠡ ᠶᠢ | ᠪᠦᠷᠢᠨᠰᠢᠬᠦᠯᠵᠦ᠂ 1000 ᠭᠠᠷᠤᠢ ᠪᠤᠳᠠ ᠮᠠᠯ᠂ 4000 ᠭᠠᠷᠤᠢ ᠪᠤᠭ ᠮᠠᠯ ᠢ ᠵᠡᠷᠭᠡᠪᠡᠷ ᠠᠷᠠᠯᠵᠢᠶᠠᠯᠠᠬᠤ | ᠴᠢᠳᠠᠮᠵᠢ ᠶᠢ ᠪᠦᠷᠢᠳᠦᠬᠦᠯᠦᠭᠰᠡᠨ ᠪᠠᠶᠢᠨ᠎ᠠ᠃ | ᠡᠨᠡᠬᠦ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠵᠢᠷᠭᠠᠯᠠᠩᠲᠤ ᠰᠤᠮᠤᠨ ᠤ ᠬᠠᠮᠤᠭ ᠤᠨ ᠲᠣᠮᠣ ᠠᠮᠢᠳᠤ ᠮᠠᠯ ᠤᠨ | ᠠᠷᠠᠯᠵᠢᠶᠠᠨ ᠤ ᠲᠥᠪ ᠪᠣᠯᠤᠭᠰᠠᠨ ᠤ ᠬᠤᠪᠢ ᠳᠤ᠂ ᠮᠠᠯᠴᠢᠨ ᠲᠦᠮᠡᠨ ᠳᠤ ᠨᠠᠩ ᠥᠷᠭᠡᠨ ᠳᠡᠯᠭᠡᠷ | ᠪᠣᠷᠣᠯᠠᠭᠤᠯᠭ᠎ᠠ ᠶᠢᠨ ᠵᠠᠮ ᠬᠠᠩᠭᠠᠵᠤ᠂ ᠠᠷᠠᠯᠵᠢᠶᠠᠴᠢᠨ ᠬᠤᠳᠠᠯᠳᠤᠭᠠᠴᠢᠨ ᠳᠤ ᠨᠠᠩ ᠲᠥᠬᠦᠮ ᠠᠷᠠᠯᠵᠢᠶᠠᠨ ᠤ | ᠲᠠᠪᠴᠠᠩ ᠬᠠᠩᠭᠠᠵᠤ᠂ ᠪᠠᠰᠠ ᠪᠠᠯᠠ ᠣᠷᠣᠭᠤᠯᠤᠭᠴᠢᠳ ᠲᠤ ᠨᠠᠩ ᠦᠷᠭᠡᠨ ᠪᠠᠯᠠ ᠣᠷᠣᠭᠤᠯᠬᠤ ᠲᠣᠬᠢᠶᠠᠯ | ᠣᠯᠭᠤᠵᠤ ᠪᠠᠶᠢᠨ᠎ᠠ᠃ ᠵᠠᠬ᠎ᠠ ᠶᠢᠨ ᠡᠵᠡᠩᠨᠡᠯᠲᠡ ᠨᠢ ᠰᠤᠮᠤᠨ ᠤ ᠮᠠᠯ ᠤᠨ ᠵᠠᠷᠤᠴᠠᠭᠤᠯᠤᠯᠳᠠ᠂ ᠮᠠᠯ ᠤᠨ ᠠᠷᠠᠯᠵᠢᠶ᠎ᠠ ᠶᠢ | ᠰᠢᠨ᠎ᠡ ᠠᠬᠢᠯᠲᠠ ᠲᠠᠢ ᠪᠣᠯᠭᠠᠭᠰᠠᠨ ᠤ ᠬᠠᠮᠲᠤ ᠥᠷᠭᠡᠨ ᠤᠯᠠᠨ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠵᠦ᠂ ᠮᠠᠯ ᠠᠵᠤ ᠠᠬᠤᠢ ᠶᠢᠨ ᠠᠵᠦ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠦᠭᠵᠢᠭᠡᠬᠦ ᠪᠤᠯᠤᠨ᠎ᠠ᠃ | ᠣᠶᠢᠯᠠᠭᠠᠭᠰᠠᠨ ᠢᠶᠠᠷ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠡᠭᠦᠳᠡ ᠪᠠᠨ ᠨᠡᠭᠡᠭᠡᠬᠦ ᠠᠴᠠ ᠡᠮᠦᠨ᠎ᠡ᠂ | ᠵᠢᠷᠭᠠᠯᠠᠩᠲᠤ ᠰᠤᠮᠤ ᠨᠢ ᠭᠠᠴᠠᠭᠠᠨ ᠤ ᠬᠠᠷᠢᠴᠠᠬᠤ ᠤᠳᠤᠷᠢᠳᠤᠯᠭ᠎ᠠ᠂ ᠨᠢᠭᠡᠳᠦᠭᠡᠷ ᠱᠦᠵᠢ᠂ ᠬᠠᠷᠢᠴᠠᠬᠤ ᠺᠠᠳ᠋ᠷ᠂ | ︽ᠬᠤᠶᠠᠷ ᠵᠥᠪᠯᠡᠯ︾ ᠤᠨ ᠭᠡᠰᠢᠭᠦᠳ ᠢ ᠵᠣᠬᠢᠶᠠᠨ ᠪᠠᠶᠢᠭᠤᠯᠤᠨ᠂ ᠪᠦᠬᠦ ᠰᠤᠮᠤᠨ ᠤ ᠪᠠᠶᠢᠩᠭᠤ ᠰᠠᠭᠤᠭ᠎ᠠ 449 | ᠡᠷᠦᠭᠡ ᠪᠠᠷ ᠪᠦᠬᠦᠳᠡ ᠬᠦᠨᠵᠡᠭᠡᠶᠢᠷᠡᠨ᠂ ᠮᠠᠯ ᠤᠨ ᠵᠠᠷᠤᠴᠠᠭᠤᠯᠤᠯᠳᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠬᠤ | ᠠᠵᠢᠯ ᠦᠷᠨᠢᠬᠦᠯᠵᠠᠢ᠃ ᠡᠶᠢᠨᠬᠦ ᠡᠯ᠎ᠡ ᠠᠵᠢᠯᠯᠠᠬᠤ ᠳᠤᠭᠤᠶᠢᠯᠠᠩ ᠠᠴᠠ 7 ᠭᠠᠴᠠᠭᠠᠨ ᠤ ᠮᠠᠯᠵᠢᠬᠤ ᠡᠷᠦᠬᠡ ᠳᠤ | ᠭᠦᠨᠵᠡᠭᠡᠶᠢᠷᠡᠨ᠂ ᠲᠥᠷᠦ ᠶᠢᠨ ᠪᠣᠳᠤᠯᠭ᠎ᠠ ᠶᠢᠨ ᠴᠢᠨᠠᠷᠲᠠᠢ ᠵᠠᠷᠢᠮ ᠴᠢᠬᠤᠯᠠ ᠪᠢᠴᠢᠭ ᠮᠠᠲ᠋ᠧᠷᠢᠶᠠᠯ ᠢ | ᠲᠠᠶᠢᠯᠪᠤᠷᠢᠯᠠᠬᠤ ᠶᠢᠨ ᠬᠠᠮᠲᠤ ᠮᠠᠯ ᠤᠨ ᠵᠠᠷᠤᠴᠠᠭᠤᠯᠤᠯᠳᠠ ᠶᠢᠨ ᠰᠠᠨᠠᠭᠤᠯᠭ᠎ᠠ ᠶᠢᠨ ᠲᠣᠳᠤᠷᠬᠠᠢ ᠺᠠᠷᠲ ᠢ ᠲᠠᠷᠬᠠᠭᠠᠵᠤ᠂ | ᠮᠠᠯ ᠤᠨ ᠵᠠᠷᠤᠴᠠᠭᠤᠯᠤᠯᠳᠠ᠂ ᠡᠪᠡᠰᠦ ᠪᠤᠷᠳᠤᠭᠠᠨ ᠤ ᠲᠠᠯ᠎ᠠ ᠪᠠᠷ ᠬᠢ ᠮᠠᠯᠴᠢᠨ ᠲᠦᠮᠡᠨ ᠤ ᠪᠤᠳᠠᠳᠠᠢ ᠬᠡᠷᠡᠭᠴᠡᠭᠡ | ᠱᠠᠭᠠᠷᠳᠠᠯᠭ᠎ᠠ ᠶᠢ ᠤᠶᠢᠯᠠᠭᠠᠵᠦ᠂ ᠮᠠᠯᠴᠢᠨ ᠲᠥᠮᠡᠨ ᠤ ᠮᠠᠯ ᠤᠨ ᠵᠠᠷᠤᠴᠠᠭᠤᠯᠤᠯᠳᠠ ᠶᠢ ᠲᠦᠷᠭᠡᠳᠬᠡᠬᠦ ᠶᠢ | ᠵᠣᠷᠢᠭᠵᠢᠭᠤᠯᠵᠤ᠂ ᠪᠡᠯᠴᠢᠭᠡᠷ ᠤᠨ ᠲᠠᠷᠤᠭᠠᠰᠤ ᠶᠢ ᠬᠥᠩᠭᠡᠯᠡᠵᠦ᠂ ᠲᠦᠭᠰᠢᠭᠦᠷᠢ ᠶᠢ ᠪᠠᠭᠠᠰᠬᠠᠬᠤ ᠶᠢ ᠲᠠᠯ᠎ᠠ ᠪᠠᠷ | ᠤᠬᠠᠭᠤᠯᠤᠭᠰᠠᠨ ᠪᠠᠶᠢᠨ᠎ᠠ᠃ ᠡᠬᠦᠨ ᠠᠴᠠ ᠭᠠᠳᠠᠨ᠎ᠠ ᠪᠠᠰᠠ ᠲᠠᠩᠱᠠᠨ ᠬᠤᠲᠠ ᠶᠢᠨ ᠨᠠᠶᠢᠳᠠᠨ ᠬᠠᠮᠢᠶᠠᠷᠤᠭᠤᠯᠬᠤ | ᠣᠷᠤᠯᠠᠨ ᠲᠡᠵᠢᠭᠡᠬᠦ ᠰᠠᠭᠤᠷᠢᠨ ᠭᠠᠵᠠᠷ ᠤᠨ ᠲᠡᠵᠢᠭᠡᠨ ᠠᠷᠠᠴᠢᠯᠠᠬᠤ᠂ ᠨᠠᠶᠢᠳᠠᠨ ᠬᠠᠮᠢᠶᠠᠷᠤᠭᠤᠯᠬᠤ᠂ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠬᠢᠭᠦ ᠂ ᠨᠠᠶᠢᠳᠠᠨ ᠪᠤᠷᠤᠯᠠᠭᠤᠯᠬᠤ ᠪᠠ | ᠪᠤᠷᠳᠤᠵᠦ ᠲᠠᠷᠭᠤᠯᠠᠭᠤᠯᠬᠤ ᠪᠠᠶᠢᠳᠠᠯ ᠵᠢᠴᠢ ᠰᠤᠮᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ | ᠡᠵᠡᠩᠨᠡᠯᠲᠡ ᠶᠢᠨ ᠬᠤᠯᠪᠤᠭᠳᠠᠯ ᠪᠦᠬᠦᠢ ᠪᠠᠶᠢᠳᠠᠯ ᠢ ᠮᠠᠯᠴᠢᠳ ᠲᠤ ᠲᠠᠨᠢᠯᠴᠠᠭᠤᠯᠵᠡᠢ᠃ | |