ᠶᠡᠬᠡᠭᠤᠣᠯ ᠰᠤᠮᠤᠨ ᠤ ᠶᠡᠬᠡᠨ᠋ᠤᠰᠤ ᠭᠠᠴᠠᠭ᠎ᠠ ᠮᠠᠯᠴᠢᠳ ᠲᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠲᠠᠷᠬᠠᠭᠠᠪᠠ
ᠨᠡᠶᠢᠲᠡᠯᠡᠭᠰᠡᠨ ᠴᠠᠭ᠄
2024/7/15
   ᠬᠠᠪᠤᠷ ᠠᠴᠠ ᠨᠠᠰᠢ᠂ ᠶᠡᠬᠡᠭᠤᠣᠯ ᠰᠤᠮᠤᠨ ᠳᠤ ᠬᠤᠷ᠎ᠠ ᠪᠤᠷᠤᠭᠠᠨ ᠬᠤᠮᠰᠠ᠂ ᠥᠨᠳᠥᠷ ᠳᠤᠯᠠᠭᠠᠨ᠂ ᠶᠡᠭᠡ ᠰᠠᠯᠬᠢ ᠲᠠᠢ ᠠᠭᠤᠷ ᠠᠮᠢᠰᠬᠤᠯ ᠣᠯᠠᠨᠲᠠ ᠡᠭᠦᠰᠦᠭᠰᠡᠨ ᠠᠴᠠ ᠡᠪᠡᠰᠦᠨ ᠤ ᠤᠷᠭᠤᠴᠠ ᠶᠢ ᠨᠦᠯᠦᠭᠡᠯᠡᠵᠦ᠂  ᠨᠤᠳᠤᠭ ᠪᠡᠯᠴᠢᠭᠡᠷ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠳᠠᠷᠤᠯᠲᠠ ᠪᠣᠯᠤᠭᠰᠠᠨ ᠪᠠᠶᠢᠨ᠎ᠠ᠃ ᠡᠶᠢᠨᠬᠦ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠵᠣᠬᠢᠰᠲᠠᠢ ᠨᠠᠮᠳᠠᠭᠤᠯᠬᠤ ᠵᠤᠷᠢᠯᠭ᠎ᠠ ᠪᠠᠷ 7 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠶᠡᠬᠡᠭᠤᠣᠯ ᠰᠤᠮᠤᠨ ᠤ ᠶᠡᠬᠡᠨ᠋ᠤᠰᠤ ᠭᠠᠴᠠᠭᠠᠨ ᠤ ︽ᠬᠤᠶᠠᠷ ᠵᠥᠪᠯᠡᠯ︾᠂ ᠬᠠᠮᠳᠦ ᠶᠢᠨ ᠬᠤᠪᠢ ᠤᠷᠤᠭᠤᠯᠤᠭᠰᠠᠨ ᠬᠤᠷᠰᠢᠶᠠᠵᠢᠯ ᠠᠴᠠ ᠳᠠᠷᠤᠢ ᠲᠦᠷᠭᠡᠨ ᠠᠷᠭ᠎ᠠ ᠠᠪᠴᠠᠯ ᠠᠪᠴᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠮᠠᠯᠵᠢᠬᠤ ᠡᠷᠦᠬᠡ ᠳᠤ ᠭᠦᠨᠵᠡᠭᠡᠶᠢᠷᠡᠨ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠳᠡᠭᠡᠳᠦ ᠱᠠᠲᠤᠨ ᠤ ᠲᠤᠰᠠᠯᠠᠮᠵᠢ ᠶᠢ ᠢᠳᠡᠪᠬᠢᠲᠡᠢ ᠭᠤᠶᠤᠴᠢᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠠᠴᠠ ᠪᠡᠯᠡ ᠮᠥᠩᠭᠦ ᠭᠠᠷᠭᠠᠬᠤ ᠬᠡᠯᠪᠡᠷᠢ ᠪᠠᠷ ᠭᠠᠴᠠᠭᠠᠨ ᠤ ᠮᠠᠯᠴᠢᠳ ᠲᠤ ᠪᠠᠨ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠪᠡᠰᠦ 67.5 ᠲᠣᠨ᠂ ᠡᠷᠳᠡᠨᠢ ᠰᠢᠰᠢ 64 ᠲᠣᠨ᠂  ᠮᠥᠬᠦᠯᠢᠭᠲᠦ ᠪᠣᠷᠳᠤᠭ᠎ᠠ 60 ᠲᠣᠨ ᠲᠠᠷᠬᠠᠭᠠᠵᠤ᠂  180 ᠮᠠᠯᠵᠢᠬᠤ ᠡᠷᠦᠬᠡ ᠳᠤ ᠠᠰᠢᠭ ᠬᠦᠷᠲᠡᠭᠡᠪᠡ᠃    ᠲᠤᠬᠠᠶ ᠶᠢᠨ ᠡᠳᠦᠷ᠂ ᠭᠠᠴᠠᠭᠠᠨ ᠤ ᠬᠠᠷᠢᠴᠠᠬᠤ ᠤᠳᠤᠷᠢᠳᠤᠯᠭ᠎ᠠ ᠺᠠᠳ᠋ᠷ᠂ ︽ᠬᠤᠶᠠᠷ ᠵᠥᠪᠯᠡᠯ︾  ᠤᠨ ᠭᠡᠰᠢᠭᠦᠳ ᠠᠴᠠ ᠡᠪᠡᠰᠦ ᠪᠣᠷᠳᠤᠭ᠎ᠠ ᠠᠪᠬᠤ ᠪᠠᠷ ᠢᠷᠡᠭᠰᠡᠨ ᠮᠠᠯᠴᠢᠳ ᠤᠨ ᠮᠡᠳᠡᠭᠡ ᠵᠠᠩᠭᠢ ᠶᠢ ᠪᠦᠷᠢᠳᠬᠡᠨ  ᠲᠡᠮᠳᠡᠭᠯᠡᠵᠦ᠂ ᠤᠯᠠᠨ ᠢᠶᠠᠷ ᠢᠶᠠᠨ ᠬᠠᠮᠳᠤᠷᠠᠯᠴᠠᠨ ᠵᠦᠭᠡᠭᠡᠪᠤᠷᠢᠯᠡᠵᠦ᠂ ᠠᠵᠢᠯ ᠶᠠᠪᠤᠳᠠᠯ ᠨᠢ ᠡᠮᠬᠢ ᠴᠡᠭᠴᠡ ᠲᠠᠢ ᠶᠠᠪᠤᠭᠳᠠᠯ᠎ᠠ᠃ ᠲᠣᠰ ᠤᠳᠠᠭᠠᠨ ᠤ ᠠᠵᠢᠯᠯᠠᠭ᠎ᠠ ᠨᠢ ᠮᠠᠯᠴᠢᠳ ᠤᠨ ᠪᠠᠴᠢᠮ ᠲᠤᠯᠭᠠᠮ᠎ᠠ ᠠᠰᠠᠭᠤᠳᠠᠯ ᠢ ᠵᠣᠬᠢᠬᠤ ᠬᠡᠮᠵᠢᠶ᠎ᠡ ᠪᠠᠷ ᠰᠢᠢᠳᠪᠦᠷᠢᠯᠡᠵᠦ᠂ ᠮᠠᠯ  ᠤᠨ ᠠᠷᠠᠴᠢᠯᠠᠭ᠎ᠠ ᠶᠢᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号