ᠪᠥᠬᠦ ᠤᠯᠤᠰ ᠤᠨ ᠬᠦᠮᠦᠨ ᠬᠠᠷ᠎ᠠ ᠣᠯᠠᠨ ᠴᠤᠭᠯᠠᠷᠠᠳᠠᠭ ᠲᠠᠯᠠᠪᠤᠷ ᠤᠨ ᠭᠠᠯ ᠤᠨ ᠭᠠᠮᠰᠢᠭ ᠤᠨ ᠠᠳᠡᠯ ᠠᠴᠠ | ᠭᠦᠨᠵᠡᠭᠡᠶ ᠰᠤᠷᠭᠠᠮᠵᠢ ᠠᠪᠴᠤ᠂ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠦᠷᠭᠦᠯᠵᠢᠯᠡᠨ ᠬᠠᠷᠢᠶ᠎ᠠ ᠣᠷᠣᠨ ᠳᠠᠭᠠᠨ ᠭᠦᠨᠵᠡᠭᠡᠶᠢᠷᠡᠨ ︽ᠴᠣᠩᠬᠤ ᠨᠡᠭᠡᠭᠡᠵᠦ ᠲᠣᠤᠷ | ᠡᠪᠳᠡᠬᠦ︾ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠬᠡᠪᠴᠢᠶᠡᠨ ᠳᠠᠬᠢ ︽ᠶᠢᠰᠦᠨ ᠪᠠᠭ᠎ᠠ︾ ᠲᠠᠯᠠᠪᠤᠷ᠂ | ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠲᠤ ᠲᠣᠭᠲᠠᠭᠠᠯ ᠠᠴᠠ ᠵᠥᠷᠢᠴᠡᠨ ᠬᠤᠯᠠᠭᠠᠶᠢᠯᠠᠬᠤ ᠶᠢ | ᠰᠡᠷᠭᠡᠶᠢᠯᠡᠬᠦ ᠴᠣᠩᠬᠤ᠂ ᠵᠠᠷ ᠮᠡᠳᠡᠭᠡ ᠶᠢᠨ ᠫᠠᠶᠢᠰᠠ ᠳᠣᠭᠢᠷᠠᠭᠤᠯᠤᠭᠰᠠᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠪᠠᠴᠢᠮ ᠴᠠᠭ ᠮᠦᠴᠡ ᠳᠤ ︽ᠠᠮᠢ ᠨᠠᠰᠤᠨ ᠤ ᠵᠠᠮ︾ ᠤᠨ ᠰᠠᠭᠠᠳ ᠥᠬᠡᠶ | ᠨᠡᠪᠲᠡᠷᠡᠬᠦ ᠶᠢ ᠦᠨᠡᠨᠬᠦ ᠪᠠᠲᠤᠯᠠᠪᠠ᠃ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠢᠳᠬᠠᠬᠤ᠂ | ᠲᠣᠳᠣᠷᠬᠠᠶᠢᠯᠠᠬᠤ᠂ ᠨᠤᠷᠠᠭᠠᠬᠤ︾ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ᠂ ᠡᠯ᠎ᠡ ᠲᠠᠯᠠᠪᠤᠷ ᠭᠠᠵᠠᠷ ᠲᠤ ᠠᠮᠢ | ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ ᠲᠡᠮᠦᠷ ᠲᠣᠣᠷ ᠵᠡᠷᠭᠡ | ᠬᠠᠷᠰᠢ ᠰᠠᠭᠠᠳ ᠪᠣᠯᠬᠤ ᠵᠦᠢᠯᠡᠰ ᠢ ᠪᠠᠶᠢᠴᠠᠭᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠳᠡᠩᠰᠡᠯᠡᠵᠦ᠂ ᠲᠤᠰᠬᠠᠶ ᠡᠬᠡ ᠲᠠᠩᠰᠠ ᠪᠠᠶᠢᠭᠤᠯᠤᠨ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ ᠠᠮᠤᠷ | ᠲᠦᠪᠰᠢᠨ ᠤ ᠳᠠᠯᠳᠠ ᠭᠡᠮ ᠰᠣᠭᠤᠭ ᠣᠷᠣᠰᠢᠵᠤ ᠮᠡᠳᠡᠬᠦ ᠬᠦᠨᠳᠦ ᠨᠣᠴᠢᠲᠠᠶ ᠦᠷ᠎ᠡ ᠳ᠋ᠦᠩ ᠢ ᠮᠡᠳᠡᠭᠳᠡᠵᠦ᠂ | ᠬᠠᠷᠢᠭᠤᠴᠠᠯᠭᠠᠲᠠᠨ ᠤ ᠣᠶᠢᠯᠠᠭᠠᠯᠲᠠ ᠪᠠ ᠬᠠᠮᠵᠢᠯᠴᠠᠭ᠎ᠠ ᠳᠣᠤᠷ᠎ᠠ᠂ ᠬᠠᠷᠰᠢ ᠰᠠᠭᠠᠳ ᠢ ᠡᠮᠬᠢ ᠵᠢᠷᠤᠮ ᠲᠠᠢ ᠪᠠᠷ | ᠨᠤᠷᠠᠭᠠᠬᠤ ᠪᠠ ᠴᠡᠪᠡᠷᠯᠡᠬᠦ ᠶᠢ ᠱᠠᠭᠠᠷᠳᠠᠪᠠ᠃ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠢᠩᠭ᠎ᠠ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ᠂ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠡᠷᠬᠢᠨ ᠬᠠᠷᠠᠬᠤ︾ | ᠠᠵᠢᠯᠯᠠᠭ᠎ᠠ ᠥᠷᠨᠢᠭᠦᠯᠵᠦ᠂ ᠢᠯᠠᠩᠭᠤᠶ᠎ᠠ ᠵᠡᠭᠡᠯᠢ ᠳᠠᠭᠠᠤ ᠬᠤᠳᠠᠯᠳᠤᠭᠠᠴᠢᠨ ᠡᠷᠦᠬᠡ ᠪᠠ ᠬᠥᠮᠦᠨ ᠬᠠᠷ᠎ᠠ ᠬᠤᠷᠠᠨ | ᠴᠤᠭᠯᠠᠷᠠᠭᠰᠠᠨ ᠲᠠᠯᠠᠪᠤᠷ ᠤᠨ ᠡᠭᠦᠳᠡ ᠴᠣᠩᠬᠤ ᠳᠡᠭᠡᠷ᠎ᠡ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠢ ᠨᠥᠯᠥᠭᠡᠯᠡᠬᠦ ᠴᠣᠩᠬᠤ᠂ ᠲᠡᠮᠦᠷ ᠬᠡᠷᠡᠰᠬᠡ᠂ ᠵᠠᠷ ᠮᠡᠳᠡᠭᠡᠨ ᠤ ᠫᠠᠶᠢᠰᠠ ᠵᠡᠷᠭᠡ ᠵᠦᠢᠯᠡᠰ ᠲᠤ ᠪᠥᠬᠦ | ᠲᠠᠯ᠎ᠠ ᠶᠢᠨ ᠪᠠᠶᠢᠴᠠᠭᠠᠯᠲᠠ ᠬᠢᠵᠦ᠂ ᠡᠲᠡᠭᠡᠷ ︽ᠠᠮᠢ ᠨᠠᠰᠤᠨ ᠤ ᠵᠠᠮ︾ ᠢ ᠪᠠᠴᠢᠮ ᠦᠶ᠎ᠡ ᠳᠤ ᠰᠠᠭᠠᠳ ᠥᠬᠡᠶ | ᠨᠡᠪᠲᠡᠷᠡᠭᠦᠯᠬᠦ ᠶᠢ ᠪᠠᠲᠤᠯᠠᠪᠠ᠃ ᠡᠭᠦᠨ ᠤ ᠬᠠᠮᠲᠤ᠂ ᠬᠠᠷᠢᠶ᠎ᠠ ᠣᠷᠣᠨ ᠤ ᠨᠢᠭᠡᠴᠡ ᠶᠢ ᠢᠳᠡᠪᠬᠢᠲᠡᠶ ᠪᠠᠷ ᠳᠠᠶᠢᠴᠢᠯᠠᠨ | ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠠᠵᠢᠯ ᠢ ᠥᠷᠨᠢᠭᠦᠯᠵᠦ᠂ ᠡᠯ᠎ᠡ ᠨᠢᠭᠡᠴᠡ ᠶᠢ ᠱᠠᠯᠠᠪᠳᠠᠭᠤᠯᠵᠤ | ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠨᠣᠷᠠᠭᠠᠵᠤ ᠪᠣᠯᠬᠤ ᠶᠢ ᠪᠦᠬᠦᠨ ᠢ ᠨᠤᠷᠠᠭᠠᠬᠤ᠂ | ᠪᠠᠶᠢᠴᠠᠭᠠᠬᠤ ᠶᠢᠨ ᠳᠠᠭᠠᠤ ᠥᠭᠡᠷᠡᠴᠢᠯᠡᠬᠦ︾ ᠵᠠᠷᠴᠢᠮ ᠢ ᠪᠠᠷᠢᠮᠲᠠᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ | ᠳᠠᠯᠳᠠ ᠭᠡᠮ ᠢ ᠡᠷᠡᠰ ᠠᠷᠢᠯᠭᠠᠪᠠ᠃ | ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠢᠨ ︽ᠴᠣᠩᠬᠤ ᠨᠡᠭᠡᠭᠡᠬᠦ ᠲᠣᠤᠷ ᠡᠪᠳᠡᠬᠦ︾ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ | ᠪᠠᠲᠤᠯᠠᠵᠤ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠡᠭᠦᠳᠡ ᠴᠣᠩᠬᠤ ᠶᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠪᠥᠬᠦ ᠬᠦᠴᠦᠨ ᠢᠶᠠᠷ ᠢᠶᠠᠨ | ᠨᠤᠷᠠᠭᠠᠬᠤ ᠶᠢᠨ ᠬᠠᠮᠲᠤ ᠤᠬᠠᠭᠤᠯᠭ᠎ᠠ ᠬᠥᠮᠦᠵᠢᠯ ᠤᠨ ᠬᠥᠲᠥᠯᠦᠨ ᠵᠢᠯᠣᠭᠤᠳᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ︽ᠲᠠᠯᠠᠪᠤᠷ ᠭᠠᠵᠠᠷ ᠤᠨ ᠪᠡᠶ᠎ᠡ ᠪᠠᠨ ᠳᠠᠭᠠᠭᠠᠵᠤ ᠨᠤᠷᠠᠭᠠᠬᠤ︾ ︽ᠣᠯᠠᠨ ᠲᠦᠮᠡᠨ ᠤ | ᠥᠪᠡᠰᠦᠪᠡᠨ ᠨᠡᠭᠡᠭᠡᠬᠦ︾ ᠶᠢ ᠤᠷᠢᠶᠠᠯᠠᠨ ᠵᠤᠷᠢᠭᠵᠢᠭᠤᠯᠤᠨ᠂ ︽ᠠᠮᠢ ᠨᠠᠰᠤᠨ ᠤ ᠵᠠᠮ︾ ᠢ ᠦᠨᠡᠨ ᠬᠦ ᠰᠠᠭᠠᠳ | ᠥᠬᠡᠶ ᠨᠡᠪᠲᠡᠷᠡᠭᠦᠯᠵᠦ᠂ ᠮᠠᠨ ᠤ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ |