ᠰᠢᠶᠠᠨ ᠤ ᠲᠡᠰ ᠤᠨ 516 ᠱᠣᠭᠤᠮ ᠤᠨ ᠪᠡᠯᠭᠦᠳᠡᠢ ᠪᠠᠯᠭᠠᠰᠤᠨ ᠠᠴᠠ ᠪᠤᠨᠳᠠᠷᠢ ᠬᠦᠷᠬᠦ ᠵᠠᠰᠠᠮᠠᠯ ᠵᠠᠮ ᠢ ᠪᠢᠳᠡᠭᠦᠮᠵᠢᠯᠡᠬᠦ ᠵᠠᠷ
ᠨᠡᠶᠢᠲᠡᠯᠡᠭᠰᠡᠨ ᠴᠠᠭ᠄
2024/7/19
ᠦᠷᠭᠡᠨ ᠣᠯᠠᠨ ᠮᠠᠯᠴᠢᠨ ᠲᠦᠮᠡᠨ ᠵᠢᠴᠢ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠰᠢᠶᠠᠨ ᠤ ᠲᠡᠰ ᠤᠨ ᠵᠠᠮ ᠱᠣᠭᠤᠮ ︵K141+320-K165+706︶ ︵ᠪᠡᠯᠭᠦᠳᠡᠢ ᠪᠠᠯᠭᠠᠰᠣᠨ ᠠᠴᠠ ᠪᠤᠨᠳᠠᠷᠢ ᠬᠦᠷᠬᠦ ᠵᠠᠰᠠᠮᠠᠯ ᠵᠠᠮ︶ ᠨᠢᠭᠡᠨᠲᠡ ᠵᠠᠮ ᠤᠨ ᠭᠠᠳᠠᠷᠭᠤ ᠶᠢ ᠳᠡᠪᠢᠰᠬᠦ ᠱᠠᠳᠤᠨ ᠳᠤ  ᠤᠷᠤᠵᠠᠢ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠦᠯᠦᠭᠡ᠂ 2024 ᠣᠨ ᠤ 7 ᠰᠠᠷ᠎ᠠ ᠶᠢᠨ 16 ᠤ ᠡᠳᠦᠷ ᠠᠴᠠ 2024 ᠣᠨ ᠤ 8 ᠰᠠᠷ᠎ᠠ ᠶᠢᠨ 30 ᠤ ᠡᠳᠦᠷ ᠪᠣᠯᠲᠠᠯ᠎ᠠ ᠪᠡᠯᠭᠦᠳᠡᠢ ᠪᠠᠯᠭᠠᠰᠤᠨ ᠠᠴᠠ ᠪᠤᠨᠳᠠᠷᠢ ᠬᠦᠷᠬᠦ ᠵᠠᠰᠠᠮᠠᠯ ᠵᠠᠮ ︵K141+320-K165+706︶ ᠢ ᠪᠢᠳᠡᠭᠦᠮᠵᠢᠯᠡᠨ ᠵᠠᠰᠠᠬᠤ ᠪᠠᠷ ᠲᠤᠭᠲᠠᠪᠠ᠃ ᠪᠦᠳᠡᠭᠦᠮᠵᠢᠯᠡᠨ ᠵᠠᠰᠠᠬᠤ ᠬᠤᠭᠤᠴᠠᠭᠠᠨ ᠳᠤ ᠨᠡᠶᠢᠭᠡᠮ ᠤᠨ ᠲᠡᠷᠭᠡ ᠬᠦᠰᠭᠡ ᠪᠤᠯᠤᠨ ᠤᠯᠠᠮ ᠲᠦᠮᠡᠨ ᠤᠷᠢᠳᠴᠢᠯᠠᠨ ᠵᠠᠮ ᠱᠣᠭᠤᠮ ᠢᠶᠠᠨ ᠵᠦᠢ ᠵᠣᠬᠢᠰᠲᠠᠢ ᠰᠣᠩᠭᠤᠨ᠂ ᠵᠠᠰᠠᠵᠤ ᠪᠠᠶᠢᠬᠤ ᠭᠡᠰᠡᠭ ᠢ ᠲᠤᠭᠤᠷᠢᠨ ᠶᠠᠪᠤᠭᠠᠷᠠᠢ᠃    ᠲᠤᠭᠤᠷᠢᠵᠤ ᠶᠠᠪᠤᠬᠤ ᠰᠠᠨᠠᠭᠤᠯᠭ᠎ᠠ᠄ ᠪᠠᠭ᠎ᠠ ᠮᠠᠰᠢᠨ ᠲᠡᠷᠭᠡ ᠲᠡᠭᠡᠷ᠎ᠡ ᠲᠤᠷᠠᠳᠤᠭᠰᠠᠨ ᠭᠡᠰᠡᠭ ᠤᠨ ᠵᠠᠮ ᠤᠨ ᠬᠠᠵᠠᠭᠤ ᠶᠢᠨ ᠲᠦᠷ ᠴᠠᠭ ᠤᠨ ᠲᠦᠭᠦᠮ ᠵᠠᠮ ᠢᠶᠠᠷ ᠶᠠᠪᠤᠭᠠᠷᠠᠢ᠃ ᠲᠤᠮᠤ ᠬᠡᠯᠪᠡᠷᠢ ᠶᠢᠨ ᠮᠠᠰᠢᠨ ᠲᠡᠷᠭᠡ ᠰᠡᠯᠪᠢᠨ ᠵᠠᠰᠠᠵᠤ ᠪᠠᠶᠢᠭ᠎ᠠ ᠬᠡᠰᠡᠭ ᠠᠴᠠ ᠬᠤᠶᠢᠭᠤᠷ ᠲᠤᠭᠤᠷᠢᠵᠤ ᠡᠷᠳᠡᠨᠢᠭᠤᠪᠢ ᠬᠦᠷᠦᠭᠰᠡᠨ ᠤ ᠳᠠᠷᠠᠭ᠎ᠠ Y221 ᠱᠣᠭᠤᠮ ᠠᠴᠠ ᠠᠯᠲᠠᠨᠭᠠᠳᠠᠰᠤ ᠭᠠᠴᠠᠭ᠎ᠠ ᠬᠦᠷᠴᠦ ᠳᠠᠬᠢᠨ ᠤᠯᠤᠰ ᠤᠨ ᠲᠡᠰ ᠤᠨ 331 ᠵᠠᠰᠠᠮᠠᠯ ᠵᠠᠮ ︵ᠣᠳᠤᠬᠠᠨ ᠤ ᠵᠠᠰᠠᠵᠤ ᠪᠠᠶᠢᠭ᠎ᠠ︶ ᠤᠨ ᠬᠠᠵᠠᠭᠤ ᠲᠦᠭᠦᠮ ᠵᠠᠮ ᠢᠶᠠᠷ ᠪᠡᠯᠭᠦᠳᠡᠢ ᠪᠠᠯᠭᠠᠰᠤᠨ ᠳᠤ ᠬᠦᠷᠦᠭᠡᠷᠡᠢ᠃    ᠪᠠᠷᠢᠯᠭ᠎ᠠ ᠶᠢᠨ ᠬᠤᠭᠤᠴᠠᠭᠠᠨ ᠳᠤ ᠵᠠᠮ ᠲᠠᠭᠠᠤ ᠶᠢᠨ ᠣᠯᠠᠨ ᠲᠦᠮᠡᠨ ᠤ ᠲᠡᠷᠭᠡ ᠬᠦᠰᠭᠡ ᠪᠠᠷ ᠭᠠᠳᠠᠭᠰᠢ ᠭᠠᠷᠬᠤ ᠳᠤ ᠲᠦᠭᠦᠮ ᠦᠭᠡᠢ ᠪᠣᠯᠭᠠᠭᠰᠠᠨ ᠳᠤ ᠠᠭᠤᠴᠢᠯᠠᠵᠤ᠂ ᠬᠠᠮᠵᠢᠯᠴᠠᠬᠤ ᠶᠢ ᠬᠦᠰᠡᠵᠦ ᠪᠠᠶᠢᠨ᠎ᠠ᠃                ᠠᠪᠠᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ                       2024ᠣᠨ ᠤ 7 ᠰᠠᠷ᠎ᠠ ᠶᠢᠨ 12 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号