ᠠᠪᠠᠭ᠎ᠠ ᠬᠤᠰᠢᠭᠤ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 16 ᠤ ᠡᠳᠦᠷ᠂ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠤᠨ ᠠᠬᠢᠴᠠ ᠶᠢ ᠰᠣᠨᠣᠰᠤᠨ᠂ ᠲᠠᠷᠠᠭᠠᠴᠢ ᠶᠢᠨ ᠱᠠᠲᠤᠨ ᠤ ᠬᠠᠷᠠᠯᠲᠠ ᠡᠭᠦᠷᠭᠡ ᠶᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ᠂ ᠬᠢᠨᠠᠨ ᠪᠤᠳᠤᠬᠤ ᠪᠣᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠨᠢᠭᠡᠴᠡ ᠶᠢᠨ ᠬᠢᠨ ᠤᠬᠠᠮᠰᠠᠷ ᠠᠴᠠ ᠪᠠᠨ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠪᠠᠶᠢᠷᠢᠨ ᠳᠤ ᠲᠠᠯᠪᠢᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ︾ ᠶᠢᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠤᠯᠠᠮ ᠴᠢᠨᠠᠭᠰᠢᠳᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠵᠤ᠂ ᠰᠢᠯᠢᠳᠡᠭ ᠬᠦᠴᠦᠨ ᠢ ᠲᠤᠬᠢᠷᠠᠭᠤᠯᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠤᠳᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠠᠬᠢᠭᠤᠯᠵᠤ᠂ ᠦᠷ᠎ᠡ ᠪᠦᠲᠦᠭᠡᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠨᠢᠭᠡᠳᠬᠡᠬᠦ ᠶᠢ ᠪᠠᠷᠢᠮᠲᠠᠯᠠᠵᠤ᠂ ᠬᠢᠨᠠᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂ ᠲᠦᠷᠢᠮ ᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃    ᠬᠤᠷᠠᠯ ᠠᠴᠠ ᠪᠠᠰᠠ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠵᠠᠰᠠᠭ ᠤᠨ ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号