ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ︽ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠮᠠᠯᠵᠢᠬᠤ ᠣᠷᠣᠨ ᠤ ᠬᠤᠲᠠ ᠪᠠᠯᠭᠠᠰᠤᠵᠢᠯᠲᠠ ᠶᠢ ᠬᠢᠵᠠᠭᠠᠷᠯᠠᠬᠤ ᠬᠦᠴᠦᠨ ᠵᠦᠢᠯ ᠵᠢᠴᠢ ᠠᠷᠭ᠎ᠠ ᠵᠠᠮ ᠢ ᠰᠦᠪᠡᠭᠴᠢᠯᠡᠨ ᠰᠤᠳᠤᠯᠬᠤ︾ ᠲᠥᠷᠥᠯ ᠵᠦᠢᠯ ᠤᠨ ᠳᠤᠭᠤᠶᠢᠯᠠᠩ ᠠᠪᠠᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 20 ᠤ ᠡᠳᠦᠷ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ︽ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠮᠠᠯᠵᠢᠬᠤ ᠣᠷᠣᠨ ᠤ ᠬᠤᠲᠠ ᠪᠠᠯᠭᠠᠰᠤᠵᠢᠯᠲᠠ ᠶᠢ ᠬᠢᠵᠠᠭᠠᠷᠯᠠᠬᠤ ᠬᠦᠴᠦᠨ ᠵᠦᠢᠯ ᠵᠢᠴᠢ ᠠᠷᠭ᠎ᠠ ᠵᠠᠮ ᠢ ᠬᠠᠶᠢᠨ ᠰᠦᠪᠡᠭᠴᠢᠯᠡᠬᠦ︾ ᠲᠥᠷᠥᠯ ᠵᠦᠢᠯ ᠤᠨ ᠳᠤᠭᠤᠶᠢᠯᠠᠩ ᠤᠨ ᠲᠦᠸᠧ ᠵᠢᠶᠦ᠋ᠨ ᠵᠢᠶᠧ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠣᠣ ᠽᠢ ᠨᠠᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠴᠦᠨ ᠮᠧᠶ ᠬᠤᠷᠠᠯ ᠳᠤ ᠤᠷᠤᠯᠴᠠᠵᠤ ᠮᠠᠨ ᠤ ᠬᠤᠰᠢᠭᠤᠨ ᠤ ᠮᠠᠯᠵᠢᠬᠤ ᠣᠷᠣᠨ ᠤ ᠬᠤᠲᠠ ᠪᠠᠯᠭᠠᠰᠤᠵᠢᠯᠲᠠ ᠶᠢᠨ ᠬᠠᠮᠢᠶ᠎ᠠ ᠪᠦᠬᠦᠢ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠤᠨ ᠲᠠᠯ᠎ᠠ ᠪᠠᠷ ᠶᠠᠷᠢᠶ᠎ᠠ ᠲᠠᠯᠪᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠾᠧ ᠴᠧᠩ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠸᠠᠨ ᠶᠢᠨ ᠬᠤᠷᠠᠯ ᠳᠤ ᠤᠷᠤᠯᠴᠠᠪᠠ᠃    ᠮᠠᠯᠵᠢᠬᠤ ᠣᠷᠣᠨ ᠤ ᠬᠤᠲᠠ ᠪᠠᠯᠭᠠᠰᠤᠵᠢᠯᠲᠠ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠭᠦᠨ ᠠᠴᠠ ᠡᠯ᠎ᠡ ᠭᠠᠵᠠᠷ ᠤᠨ ᠦᠢᠯᠡᠳᠦᠯᠭᠡ ᠲᠤᠷᠰᠢᠯᠭ᠎ᠠ ᠪᠠ ᠠᠮᠵᠢᠯᠲᠠ ᠣᠯᠣᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠯᠢ ᠣᠯᠠᠨ ᠠᠯᠤᠰ ᠬᠡᠲᠦ ᠶᠢᠨ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠰᠠᠨᠠᠭᠤᠯᠭ᠎ᠠ ᠳᠤᠷᠠᠳᠪᠠ᠃ ᠲᠦᠷᠦᠯ ᠵᠦᠢᠯ ᠤᠨ ᠳᠤᠭᠤᠶᠢᠯᠠᠩ ᠠᠴᠠ᠂ ᠮᠠᠯᠵᠢᠬᠤ ᠣᠷᠣᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠮᠠᠯ ᠠᠵᠤ ᠠᠬᠤᠢ᠂ ᠣᠨᠴᠠᠯᠢᠭᠲᠤ ᠵᠤᠭᠠᠴᠠᠯ ᠤᠨ ᠦᠢᠯᠡᠰ ᠵᠡᠷᠭᠡ ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠦᠭᠵᠢᠬᠦᠯᠦᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠣᠷᠣᠨ ᠤ ᠬᠤᠳᠠ ᠪᠠᠯᠭᠠᠰᠤᠨ ᠤ ᠳᠠᠭᠠᠭᠠᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ  ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠬᠤᠯᠠᠴᠢᠯᠠᠨ᠂ ᠬᠤᠳᠠ ᠪᠠᠯᠭᠠᠰᠤᠵᠢᠯᠲᠠ ᠪᠣᠯᠣᠨ ᠠᠮᠢ ᠠᠬᠤᠢ ᠶᠢᠨ ᠣᠷᠴᠢᠨ ᠨᠥᠬᠦᠴᠡᠯ ᠤᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠵᠦ᠂ ᠴᠢᠳᠠᠪᠤᠷᠢᠲᠠᠨ ᠬᠥᠮᠥᠵᠢᠭᠦᠯᠬᠦ ᠪᠠ ᠣᠷᠣᠭᠤᠯᠵᠤ ᠢᠷᠡᠬᠦ ᠶᠢ ᠴᠢᠩᠭᠠᠳᠬᠠᠨ᠂ ᠮᠠᠯᠵᠢᠬᠤ ᠣᠷᠣᠨ ᠤ ᠬᠤᠳᠠ ᠪᠠᠯᠭᠠᠰᠤᠴᠢᠯᠠᠯᠲᠠ ᠳᠤ ᠤᠶᠤᠨ ᠤ ᠳᠡᠮᠵᠢᠯᠭᠡ ᠬᠠᠩᠭᠠᠬᠤ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠷᠠᠯ ᠳᠤ ᠣᠷᠣᠯᠴᠠᠭᠰᠠᠳ ᠮᠠᠯᠵᠢᠬᠤ ᠣᠷᠣᠨ ᠤ ᠬᠤᠲᠠ ᠪᠠᠯᠭᠠᠰᠤᠵᠢᠯᠲᠠ ᠶᠢᠨ ᠬᠠᠮᠢᠶ᠎ᠠ ᠪᠦᠬᠦᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ︔ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠬᠠᠮᠢᠶ᠎ᠠ ᠪᠦᠬᠦᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃    ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠮᠠᠨ ᠤ ᠬᠤᠰᠢᠭᠤᠨ ᠤ ᠨᠠᠰᠤᠲᠠᠶᠢᠴᠤᠳ ᠤᠨ ᠬᠦᠳᠡᠯᠭᠡᠭᠡᠨ ᠤ ᠲᠥᠪ᠂ ᠪᠦᠯᠬᠦᠮᠳᠡᠯ ᠠᠭᠤᠳᠠᠮ ᠲᠠᠯᠠᠪᠠᠢ᠂ ︽ᠬᠡᠦᠬᠡᠳ ᠪᠠ ᠮᠤᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ᠂ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号