ᠠᠪᠠᠭ᠎ᠠ ᠬᠤᠰᠢᠭᠤ ᠬᠢᠭᠡᠳ ᠦᠪᠤᠷ ᠮᠤᠩᠭᠤᠯ ᠤᠨ ᠮᠧᠩ ᠲᠢᠶᠠᠨ ᠠᠮᠢᠳᠤ ᠪᠣᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠲᠦᠮᠡᠨ ᠮᠢᠬᠠᠨ ᠤ ᠦᠬᠡᠷ ᠤᠨ ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠳᠤᠷᠠᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠤᠭᠲᠠᠪᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 16 ᠤ ᠡᠳᠦᠷ᠂ ᠠᠪᠠᠭ᠎ᠠ ᠬᠤᠰᠢᠭᠤ ᠬᠢᠭᠡᠳ ᠦᠪᠤᠷ ᠮᠤᠩᠭᠤᠯ ᠤᠨ ᠮᠧᠩ ᠲᠢᠶᠠᠨ ᠠᠮᠢᠳᠤ ᠪᠣᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠲᠦᠮᠡᠨ ᠮᠢᠬᠠᠨ ᠤ ᠦᠬᠡᠷ ᠤᠨ ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠳᠤᠷᠠᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠤᠭᠲᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠭᠠᠷ ᠤᠨ ᠦᠰᠦᠭ ᠵᠢᠷᠤᠬᠤ ᠶᠤᠰᠤᠯᠠᠯ ᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠷᠧᠨ ᠬᠤᠤ᠂ ᠵᠠᠰᠠᠭ ᠤᠨ ᠣᠷᠳᠤᠨ ᠤ ᠬᠤᠰᠢᠭᠤ ᠳᠡᠳ᠋ ᠳᠠᠷᠤᠭ᠎ᠠ ᠴᠧᠨ ᠵᠢᠶᠠᠨ ᠵᠢᠶᠦ᠋ᠨ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠢᠶᠣᠣ ᠴᠦᠨ᠂ ᠮᠧᠩ ᠲᠢᠶᠠᠨ ᠠᠮᠢᠳᠤ ᠪᠤᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠭᠤᠸᠠᠩ ᠵᠢᠶᠦ᠋ᠨ᠂ ᠲᠡᠭᠡᠲᠦ ᠵᠡᠷᠭᠡ ᠶᠢᠨ ᠵᠦᠪᠯᠡᠭᠴᠢ ᠮᠠ ᠵᠠᠨ ᠶᠤᠸᠠᠨ᠂ ᠶᠠᠷᠦᠩᠬᠡᠢ ᠢᠨᠵᠧᠨᠧᠷ ᠰᠢ ᠵᠢᠶᠦ᠋ᠨ᠂ ᠶᠡᠷᠦᠩᠬᠡᠢ ᠳᠠᠭᠠᠭᠠᠮᠠᠯ ᠮᠠ ᠵᠢᠶᠦ᠋ᠨ᠂ ᠳᠡᠳ᠋ ᠶᠠᠷᠦᠩᠬᠡᠢ ᠳᠠᠭᠠᠭᠠᠮᠠᠯ ᠶᠦᠨ ᠴᠦᠨ ᠶᠤᠸᠠᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠪᠠ᠃    ᠶᠤᠰᠤᠯᠠᠯ ᠢᠶᠠᠷ᠂ ᠦᠪᠤᠷ ᠮᠤᠩᠭᠤᠯ ᠤᠨ ᠮᠧᠩ ᠲᠢᠶᠠᠨ ᠠᠮᠢᠳᠤ ᠪᠤᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠤ ᠬᠠᠮᠲᠤ ᠵᠢᠭᠠᠵᠤ ᠭᠠᠷᠭᠠᠭᠰᠠᠨ ᠨᠢ᠂ ᠲᠦᠮᠡᠨ ᠦᠬᠡᠷ ᠤᠨ ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠲᠦᠷᠦᠯ ᠵᠦᠢᠯ ᠪᠣᠯ ᠲᠤᠰ ᠺᠤᠮᠫᠠᠨᠢ ᠶᠢᠨ ᠤᠯᠤᠰ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠢᠳᠡᠪᠬᠢᠲᠡᠢ ᠴᠤᠤᠷᠢᠶᠠᠳᠤᠨ ᠳᠠᠭᠠᠵᠤ᠂ ᠮᠠᠯ ᠲᠠᠷᠢᠶᠠᠯᠠᠩ ᠤᠨ ᠤᠳᠤᠬᠢᠴᠢᠯᠠᠯᠲᠠ ᠶᠢᠨ ᠬᠦᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠨᠡᠬᠦ ᠲᠦᠷᠦᠯ ᠵᠦᠢᠯ ᠨᠢ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠢᠬᠠᠨ ᠤ ᠦᠬᠡᠷ ᠢ ᠲᠡᠵᠢᠭᠡᠨ ᠦᠷᠡᠵᠢᠭᠦᠯᠬᠦ᠂ ᠡᠳ᠋ᠰᠢᠭᠦᠯᠬᠦ ᠠᠴᠠ ᠪᠣᠷᠤᠯᠠᠭᠤᠯᠬᠤ ᠬᠦᠷᠲᠡᠯᠡᠬᠢ ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠢ ᠪᠦᠷᠢᠳᠦᠭᠦᠯᠬᠦ ᠪᠣᠯᠣᠨ᠎ᠠ᠂ ᠡᠨᠡ ᠨᠢ᠂ ᠮᠢᠬᠠᠨ ᠤ ᠦᠬᠡᠷ ᠤᠨ ᠠᠵᠤ ᠦᠢᠯᠡᠰ ᠤᠨ ᠨᠡᠮᠡᠯᠲᠡ ᠥᠷᠳᠡᠭ ᠢ ᠳᠡᠭᠡᠭᠰᠢᠯᠡᠭᠦᠯᠬᠦ ᠳᠤ ᠠᠰᠢᠭᠲᠠᠢ ᠪᠠᠷ ᠪᠠᠷᠠᠬᠤ ᠦᠭᠡᠢ ᠤᠷᠤᠨ ᠨᠣᠳᠤᠭ ᠤᠨ ᠮᠠᠯᠴᠢᠳ ᠤᠨ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠵᠤ᠂ ᠤᠷᠤᠨ ᠪᠦᠰᠡ ᠶᠢᠨ ᠠᠵᠤ ᠠᠬᠤᠢ ᠶᠢᠨ ᠴᠡᠴᠡᠭᠯᠡᠨ ᠬᠦᠭᠵᠢᠬᠦ ᠶᠢ ᠠᠬᠢᠭᠤᠯᠬᠤ ᠪᠣᠯᠣᠨ᠎ᠠ ᠭᠡᠵᠡᠢ᠃    ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠬᠠᠮᠳᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠤᠨ ᠬᠠᠮᠵᠢᠯᠴᠠᠪᠠᠯ᠂ ᠯᠠᠪᠲᠠᠢ ᠲᠦᠮᠡᠨ ᠮᠢᠬᠠᠨ ᠤ ᠦᠬᠡᠷ ᠤᠨ ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠲᠦᠷᠦᠯ ᠵᠦᠢᠯ ᠢ ᠠᠵᠢᠯ ᠲᠦᠷᠦᠯ ᠤᠨ ᠳᠤᠮᠳᠠ ᠪᠠᠨ ᠬᠡᠪ ᠲᠠᠭᠤᠷᠢᠶᠠᠯ ᠪᠣᠯᠭᠠᠵᠤ᠂ ᠬᠡᠷᠡᠭᠯᠡᠭᠴᠢᠳ ᠲᠤ ᠴᠢᠨᠠᠷ ᠰᠠᠶᠢᠲᠠᠢ᠂ ᠠᠮᠤᠷ ᠳᠦᠪᠰᠢᠨ ᠦᠬᠡᠷ ᠤᠨ ᠮᠢᠬᠠᠨ ᠤ ᠪᠦᠳᠦᠭᠡᠭᠳᠡᠭᠦᠨ ᠢ ᠬᠠᠩᠭᠠᠵᠤ ᠴᠢᠳᠠᠨ᠎ᠠ ᠭᠡᠳᠡᠭ ᠢ ᠢᠲᠡᠭᠡᠯ ᠲᠠᠢ ᠪᠠᠶᠢᠨ᠎ᠠ ᠬᠡᠮᠡᠨ ᠢᠯᠡᠷᠬᠡᠶᠢᠯᠡᠵᠡᠭᠡᠪᠡ᠃    ᠮᠠᠨ ᠤ ᠬᠤᠰᠢᠭᠤ ᠬᠢᠭᠡᠳ ᠦᠪᠤᠷ ᠮᠤᠩᠭᠤᠯ ᠤᠨ ᠮᠧᠩ ᠲᠢᠶᠠᠨ ᠠᠮᠢᠳᠤ ᠪᠤᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠨᠢ ᠲᠦᠮᠡᠨ ᠮᠢᠬᠠᠨ ᠤ ᠦᠬᠡᠷ ᠤᠨ ᠪᠦᠬᠦᠶᠢᠯᠡ ᠠᠵᠤ ᠦᠢᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠲᠦᠷᠦᠯ ᠵᠦᠢᠯ ᠤᠨ ᠪᠤᠷᠦ ᠲᠥᠯᠦᠪ ᠤᠨ ᠵᠦᠪᠳᠡᠯᠴᠡᠭᠡᠷ ᠵᠢᠩᠬᠢᠨᠢ ᠪᠠᠷ ᠲᠤᠭᠲᠠᠭᠰᠠᠨ ᠨᠢ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠲᠡ ᠳᠤ ᠬᠦᠴᠦᠷᠭᠡᠭ ᠶᠡᠭᠡ ᠬᠦᠳᠡᠯᠭᠡᠬᠦ ᠬᠦᠴᠦᠨ ᠨᠡᠮᠡᠷᠢᠯᠡᠪᠡ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠤᠰ ᠲᠦᠷᠦᠯ ᠵᠦᠢᠯ ᠯᠠᠪᠲᠠᠢ ᠡᠯᠪᠡᠭ ᠪᠠᠶᠠᠯᠢᠭ ᠦᠷ᠎ᠡ ᠪᠦᠳᠦᠭᠡᠯ ᠤᠯᠵᠤ᠂ ᠮᠠᠨ ᠤ ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠨᠢ ᠳᠠᠮᠵᠢᠭ ᠦᠭᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号