ᠰᠠᠬᠠᠭᠠᠯᠲᠠ ᠠᠶᠢᠯ ᠤᠨ ᠰᠠᠨᠠᠭ᠎ᠠ ᠨᠢᠭᠡ— ᠮᠠᠯᠴᠢᠨ ᠮᠦᠩᠬᠡᠪᠠᠶᠠᠷ ᠤᠨ ᠵᠡᠷᠭᠡᠯᠡᠳᠡᠭᠡ ᠠᠶᠢᠯ ᠢᠶᠠᠨ ᠲᠤᠰᠠᠯᠠᠭᠰᠠᠨ ᠦᠢᠯᠡ ᠠᠵᠢᠯᠯᠠᠭ᠎ᠠ
ᠨᠡᠶᠢᠲᠡᠯᠡᠭᠰᠡᠨ ᠴᠠᠭ᠄
2024/7/26
   ᠠᠪᠠᠭ᠎ᠠ ᠬᠤᠰᠢᠭᠤᠨ ᠤ ᠵᠢᠷᠭᠠᠯᠠᠩᠲᠤ ᠰᠣᠮᠣᠨ ᠤ ᠪᠠᠶᠠᠨᠮᠡᠨᠲᠦ ᠭᠠᠴᠠᠭ᠎ᠠ ᠪᠣᠯ ᠬᠢᠯᠢ ᠶᠢᠨ ᠭᠠᠴᠠᠭ᠎ᠠ ᠶᠤᠮ᠃ ᠤᠳᠤᠬᠢ ᠲᠠᠢ ᠬᠠᠷᠢᠴᠠᠭᠤᠯᠪᠠᠯ᠂ ᠬᠤᠷᠢᠨ ᠵᠢᠯ ᠤᠨ ᠡᠮᠦᠨ᠎ᠡ ᠠᠳᠡ ᠵᠠᠮ ᠬᠠᠷᠢᠯᠴᠠᠭ᠎ᠠ ᠲᠦᠭᠦᠮ ᠦᠭᠡᠢ᠂ ᠴᠢᠮᠡᠭᠡ ᠬᠤᠯᠪᠤᠭ᠎ᠠ ᠬᠤᠴᠤᠷᠤᠩᠭᠤᠢ᠂ ᠠᠵᠤ ᠦᠢᠯᠡᠰ ᠳᠠᠩ ᠴᠤᠯᠭᠤᠢ ᠪᠠᠶᠢᠪᠠ᠃ ᠮᠦᠩᠬᠡᠪᠠᠶᠠᠷ᠂ ᠨᠠᠪᠴᠢ ᠶᠢᠨ ᠬᠢ ᠪᠣᠯ ᠮᠠᠯᠴᠢᠳ ᠤᠨ  ᠢᠶᠠᠨ ᠰᠠᠶᠢᠰᠢᠶᠠᠯ ᠢ ᠣᠯᠣᠭᠰᠠᠨ ᠵᠢᠱᠢᠶᠠᠴᠢ ᠭᠡᠷ ᠪᠦᠯᠢ ᠪᠠ ᠪᠠᠶᠠᠵᠢᠯ ᠤᠨ ᠵᠢᠱᠢᠶ᠎ᠠ ᠦᠵᠡᠭᠦᠯᠬᠦ ᠡᠷᠦᠬᠡ ᠪᠣᠯᠣᠨ᠎ᠠ᠂ ᠲᠡᠳᠡ ᠦᠷᠭᠦᠯᠵᠢ ᠦᠷ᠎ᠡ ᠬᠡᠣᠬᠡᠳ ᠢᠶᠠᠨ᠄ ︽ᠠᠵᠢᠯᠴᠢ ᠠᠷᠪᠢᠴᠢ ᠪᠠᠷ ᠠᠵᠤ ᠲᠦᠷᠦᠬᠦ ᠣᠯᠠᠮᠵᠢᠯᠠᠯ ᠢᠶᠠᠨ ᠬᠠᠶᠠᠵᠤ ᠪᠣᠯᠬᠤ ᠦᠭᠡᠢ᠂ ᠦᠪᠡᠷ ᠢᠶᠠᠨ ᠴᠢᠨᠡᠭᠡᠯᠢᠭᠵᠢᠪᠡᠯ ᠲᠡᠷᠭᠡᠳᠡᠬᠢ ᠬᠦᠮᠦᠰ ᠢᠶᠠᠨ ᠴᠦ ᠢᠯᠡᠭᠦᠬᠡᠨ ᠬᠠᠪᠰᠤᠷᠤᠨ ᠳᠡᠮᠵᠢᠬᠦ ᠬᠡᠷᠡᠭᠲᠡᠢ︾ ᠭᠡᠵᠦ ᠰᠤᠷᠭᠠᠳᠠᠭ᠃    ᠮᠠᠯᠴᠢᠨ ᠵᠤᠷᠢᠭᠪᠠᠭᠠᠳᠤᠷ ᠤᠨ ᠬᠢ ᠮᠦᠩᠬᠡᠪᠠᠶᠠᠷ ᠤᠨ ᠬᠢ ᠲᠠᠢ ᠣᠶᠢᠷᠠᠬᠠᠨ ᠰᠠᠭᠤᠷᠢᠰᠢᠳᠠᠭ᠃ 2006 ᠣᠨ ᠳᠤ᠂ ᠡᠲᠡᠨ ᠤ ᠬᠢ ᠮᠠᠯᠵᠢᠬᠤ ᠦᠢᠯᠡᠳᠪᠦᠷᠢᠯᠡᠯ ᠤᠨ ᠰᠠᠭᠤᠷᠢ ᠪᠦᠳᠦᠭᠡᠨ ᠪᠠᠶᠢᠭᠤᠯᠤᠯᠲᠠ ᠪᠠᠨ ᠰᠠᠶᠢᠵᠢᠷᠠᠭᠤᠯᠬᠤ ᠵᠠᠷᠤᠳᠠᠯ ᠮᠦᠩᠭᠦᠨ ᠤ ᠬᠡᠷᠡᠭᠴᠡᠭᠡ ᠲᠠᠢ ᠪᠣᠯᠣᠭᠰᠠᠨ ᠪᠠᠶᠢᠪᠠ᠂ ᠲᠤᠬᠠᠢ ᠶᠢᠨ ᠥᠶ᠎ᠡ ᠳᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠲᠤᠲᠠᠮᠠᠭ ᠠᠴᠠ ᠪᠣᠯᠵᠤ᠂ ᠪᠠᠩᠭᠢ ᠠᠴᠠ ᠵᠢᠭᠡᠯᠡᠯᠭᠡ ᠭᠤᠶᠤᠴᠢᠯᠠᠭᠰᠠᠨ ᠦᠭᠡᠢ᠂ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠬᠡᠯᠪᠡᠷᠢ ᠪᠠᠷ ᠪᠤᠰᠤᠳ ᠠᠴᠠ ᠵᠢᠭᠡᠯᠯᠡᠭᠡ ᠠᠪᠤᠭᠰᠠᠨ ᠪᠠᠶᠢᠪᠠ᠂ ᠰᠡᠭᠦᠯᠡᠷ ᠨᠢ ᠡᠬᠡ ᠮᠦᠩᠭᠦ ᠬᠦᠦ ᠮᠦᠩᠭᠦ ᠨᠢ ᠨᠡᠶᠢᠯᠡᠭᠡᠳ ᠢᠷᠡᠬᠦ ᠪᠠᠷ ᠥᠷᠢ ᠰᠢᠷᠢ ᠨᠢ ᠨᠡᠮᠡᠭᠳᠡᠨ ᠠᠷᠪᠠᠨ ᠬᠡᠳᠦᠨ ᠲᠦᠮᠡᠨ ᠲᠦᠭᠦᠷᠢᠭ ᠲᠤ ᠬᠦᠷᠴᠦ᠂ ᠲᠦᠯᠦᠬᠦ ᠴᠢᠳᠠᠯ ᠦᠭᠡᠢ ᠪᠣᠯᠣᠭᠰᠠᠨ ᠢᠶᠠᠷ ᠮᠠᠯ ᠤᠨᠤᠭ᠎ᠠ ᠪᠠᠷ ᠢᠶᠠᠨ ᠨᠢᠭᠡ ᠭᠡᠰᠡᠭ ᠥᠷᠢ ᠪᠠᠨ ᠲᠦᠯᠦᠵᠦ᠂ ᠶᠠᠳᠠᠭᠤᠷᠠᠬᠤ ᠬᠡᠮᠵᠢᠶᠡᠨ ᠳᠤ ᠬᠦᠷᠴᠡᠢ᠃    ᠰᠠᠬᠠᠭᠠᠯᠲᠠ ᠠᠶᠢᠯ ᠤᠨ ᠰᠠᠨᠠᠭ᠎ᠠ ᠨᠢᠭᠡ ᠭᠡᠳᠡᠭ ᠢᠶᠠᠷ᠂ ᠬᠦᠷᠰᠢ ᠵᠡᠷᠭᠡᠯᠡᠳᠡᠭᠡ ᠶᠢᠨ ᠢᠶᠠᠨ ᠬᠦᠴᠢᠷᠳᠡᠯ ᠢ ᠣᠯᠵᠤ ᠬᠠᠷᠠᠭᠰᠠᠨ ᠮᠦᠩᠬᠡᠪᠠᠶᠠᠷ ᠬᠠᠯᠠᠭᠤᠨ ᠭᠠᠷ ᠢᠶᠠᠨ ᠰᠣᠩᠭᠠᠵᠤ ᠳᠤᠰᠠᠯᠠᠨ ᠳᠡᠮᠵᠢᠬᠦ ᠪᠠᠷ ᠵᠤᠷᠢᠭ ᠰᠢᠭᠤᠳᠴᠠᠢ᠃ ᠮᠦᠩᠬᠡᠪᠠᠶᠠᠷ᠄ ︽ᠲᠤᠬᠠᠢ ᠶᠢᠨ ᠥᠶ᠎ᠡ ᠳᠤ ᠪᠢ ᠣᠷᠢᠳ ᠢᠶᠠᠷ ᠲᠡᠭᠦᠨ ᠢ ᠡᠷᠢᠵᠦ ᠪᠠᠶᠢᠳᠠᠯ ᠢ ᠨᠢ ᠣᠶᠢᠯᠠᠭᠠᠭᠰᠠᠨ ᠶᠤᠮ᠂ ᠭᠡᠷ ᠤᠨ ᠬᠦᠮᠦᠰ ᠲᠠᠢ ᠪᠠᠨ ᠵᠦᠪᠳᠡᠯᠴᠡᠭᠰᠡᠨ ᠤ ᠳᠠᠷᠠᠭ᠎ᠠ ᠬᠤᠶᠠᠷ ᠠᠶᠢᠯ ᠢᠶᠠᠷ ᠢᠶᠠᠨ ᠬᠤᠯᠪᠣᠭᠠᠯᠠᠨ ᠡᠵᠡᠩᠨᠡᠬᠦ ᠪᠠᠷ ᠪᠣᠯᠵᠤ᠂ ᠲᠡᠭᠦᠨ ᠳᠤ ᠠᠷᠪᠠᠨ ᠬᠤᠷᠠᠭ᠎ᠠ ᠥᠭᠭᠦᠭᠰᠡᠨ ᠠᠴᠠ ᠭᠠᠳᠠᠨ᠎ᠠ ᠠᠵᠢᠯ ᠢᠶᠠᠨ ᠬᠤᠪᠢᠶᠠᠷᠢᠯᠠᠵᠤ᠂ ᠬᠤᠶᠠᠷ ᠠᠶᠢᠯ ᠤᠨ ᠮᠠᠯ ᠬᠠᠷᠢᠭᠤᠯᠬᠤ ᠠᠵᠢᠯ ᠢ ᠲᠡᠭᠦᠨ ᠳᠤ ᠳᠠᠭᠠᠭᠠᠯᠭᠠᠨ᠂ ᠮᠠᠨ ᠤ ᠬᠢᠨ ᠡᠪᠡᠰᠦ ᠪᠣᠷᠳᠤᠭ᠎ᠠ ᠶᠢ ᠪᠠᠭᠲᠠᠭᠠᠭᠰᠠᠨ ᠡᠯ᠎ᠡ ᠵᠦᠢᠯ ᠤᠨ ᠵᠠᠷᠤᠳᠠᠯ ᠢ ᠬᠠᠷᠢᠭᠤᠴᠠᠬᠤ ᠶᠢᠨ ᠬᠠᠮᠲᠤ ᠰᠠᠷ᠎ᠠ ᠪᠦᠷᠢ ᠲᠡᠭᠦᠨ ᠳᠤ 2000 ᠲᠦᠭᠦᠷᠢᠭ ᠤᠨ ᠴᠠᠯᠢᠩ ᠥᠭᠬᠦ ᠪᠠᠷ ᠲᠤᠭᠲᠠᠭᠰᠠᠨ ᠶᠤᠮ︾ ᠭᠡᠵᠦ ᠶᠠᠷᠢᠨ᠎ᠠ᠃ ᠲᠡᠲᠡᠭᠡᠷ ᠵᠢᠯ ᠤᠳ ᠲᠤ ᠮᠦᠩᠬᠡᠪᠠᠶᠠᠷ ᠲᠤᠰᠬᠠᠢ ᠳᠠᠩᠰᠠ ᠶᠢᠨ ᠲᠡᠪᠳᠡᠷ ᠪᠡᠯᠡᠳᠬᠡᠵᠦ᠂ ᠵᠤᠷᠢᠭᠪᠠᠭᠠᠳᠤᠷ ᠲᠠᠢ ᠬᠠᠮᠲᠤ ᠲᠤᠭᠲᠠᠮᠠᠯ ᠬᠤᠭᠤᠴᠠᠭ᠎ᠠ ᠲᠠᠢ ᠪᠠᠷ ᠮᠠᠯ ᠠᠵᠤ ᠠᠬᠤᠢ ᠶᠢᠨ ᠳᠠᠩᠰᠠ ᠶᠢ ᠨᠢ ᠲᠡᠮᠳᠡᠭᠯᠡᠵᠦ᠂ ᠳᠠᠩᠰᠠ ᠪᠣᠳᠣᠵᠣ ᠠᠵᠤ ᠠᠮᠢᠳᠤᠷᠠᠯ ᠢᠶᠠᠨ ᠡᠵᠡᠩᠨᠡᠭᠰᠡᠨ ᠢᠶᠠᠷ ᠠᠷᠪᠠᠨ ᠵᠢᠯ ᠤᠨ ᠬᠤᠭᠤᠴᠠᠭᠠᠨ ᠳᠤ ᠵᠤᠷᠢᠭᠪᠠᠭᠠᠳᠤᠷ ᠴᠦ ᠥᠷᠢ ᠪᠠᠨ ᠪᠦᠬᠦᠨ ᠢ ᠲᠦᠯᠦᠵᠦ ᠲᠠᠭᠤᠰᠬᠠᠵᠠᠢ᠃    2013 ᠣᠨ ᠳᠤ᠂ ᠵᠤᠷᠢᠭᠪᠠᠭᠠᠳᠤᠷ ᠤᠨ ᠬᠢᠨ ᠳᠠᠩᠰᠠᠯᠠᠭᠰᠠᠨ ᠶᠠᠳᠠᠭᠤ ᠡᠷᠦᠬᠡ ᠪᠠᠷ ᠲᠤᠭᠲᠠᠭᠠᠭᠳᠠᠵᠤ᠂ ᠨᠠᠮ ᠪᠣᠯᠣᠨ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠣᠳᠣᠯᠭ᠎ᠠ ᠪᠣᠯᠣᠨ ᠮᠦᠩᠬᠡᠪᠠᠶᠠᠷ ᠤᠨ ᠬᠢᠨ ᠤ ᠬᠠᠪᠰᠤᠷᠤᠯᠭ᠎ᠠ ᠪᠠᠷ᠂ 2016 ᠣᠨ ᠤ ᠶᠠᠳᠠᠭᠤ ᠬᠦᠴᠢᠷᠳᠡᠯᠲᠡᠢ ᠡᠷᠦᠬᠡ ᠶᠢᠨ ᠡᠩᠨᠡᠭᠡᠨ ᠠᠴᠠ ᠭᠠᠷᠴᠠᠢ᠃ ᠣᠳᠣ ᠡᠳᠡᠨ ᠤ ᠬᠢᠨ 100 ᠭᠠᠷᠤᠢ ᠬᠤᠨᠢ᠂ 30 ᠰᠢᠬᠠᠮ ᠦᠬᠡᠷ ᠲᠠᠢ ᠪᠣᠯᠵᠤ᠂ ᠵᠢᠷᠭᠠᠯᠲᠤ ᠠᠮᠢᠳᠤᠷᠠᠯ ᠢᠶᠠᠨ ᠴᠤᠭᠴᠠᠯᠠᠨ᠎ᠠ᠃    ᠮᠠᠯᠴᠢᠨ ᠮᠦᠩᠬᠡᠪᠠᠶᠠᠷ ᠤᠨ ᠬᠢ 2020 ᠣᠨ ᠳᠤ ᠪᠤᠭᠲᠠ ᠶᠢᠨ ᠭᠤᠣᠯ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠵᠤ᠂ ᠮᠠᠯ ᠤᠨ ᠡᠭᠦᠯᠳᠡᠷ ᠢᠶᠠᠨ ᠠᠭᠠᠵᠢᠮ ᠢᠶᠠᠷ ᠰᠢᠯᠢᠳᠡᠭᠵᠢᠬᠦᠯᠦᠨ᠂ ᠰᠠᠭᠤᠷᠢ ᠪᠦᠳᠦᠭᠡᠨ ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠨᠠᠷᠢᠯᠢᠭ ᠮᠠᠯᠵᠢᠵᠤ ᠰᠢᠯᠢᠳᠡᠭᠵᠢᠬᠦᠯᠦᠨ ᠮᠠᠯᠵᠢᠬᠤ ᠵᠠᠮ ᠢᠶᠠᠷ ᠵᠠᠮᠨᠠᠵᠤ ᠪᠣᠢ᠃ ᠲᠡᠭᠦᠨ ᠤ ᠬᠡᠷᠭᠡᠢ ᠨᠠᠪᠴᠢ ᠬᠤᠰᠢᠭᠤᠨ ᠤ ᠪᠠᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠣᠯᠣᠭᠰᠠᠨ ᠤ ᠬᠤᠪᠢ ᠳᠤ᠂ ᠣᠯᠠᠨ ᠵᠢᠯ ᠤᠨ ᠳᠤᠷᠰᠢ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠮᠠᠯᠵᠢᠬᠤ ᠤᠷᠤᠨ ᠤ ᠰᠦᠯᠵᠢᠶᠡᠨ ᠳᠤᠬᠢᠶᠠᠨ ᠤ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ︾ ᠵᠡᠷᠭᠡ ᠮᠠᠯᠴᠢᠳ ᠲᠤ ᠠᠰᠢᠭᠲᠠᠢ ᠮᠠᠰᠢ ᠣᠯᠠᠨ ᠰᠠᠨᠠᠯ ᠰᠠᠨᠠᠭᠤᠯᠭ᠎ᠠ ᠶᠢ ᠲᠡᠭᠡᠲᠦ ᠱᠠᠳᠤᠨ ᠳᠤ ᠪᠠᠨ ᠮᠡᠳᠡᠭᠦᠯᠦᠭᠰᠡᠨ ᠪᠠᠶᠢᠨ᠎ᠠ᠃    ᠬᠢᠯᠢ ᠬᠢᠵᠠᠭᠠᠷ ᠤᠷᠤᠨ ᠳᠤ ᠠᠮᠢᠳᠤᠷᠠᠨ ᠰᠠᠭᠤᠷᠢᠰᠢᠵᠤ ᠪᠠᠶᠢᠭ᠎ᠠ ᠮᠦᠩᠬᠡᠪᠠᠶᠠᠷ ᠲᠤ ᠠᠪᠴᠦ ᠬᠡᠯᠡᠪᠡᠯ᠂ ᠬᠥᠷᠰᠢ ᠵᠡᠷᠭᠡᠯᠡᠳᠡᠭᠡ ᠲᠠᠢ ᠪᠠᠨ ᠨᠢᠭᠲᠠᠷᠠᠨ ᠪᠦᠯᠬᠦᠮᠳᠡᠵᠦ᠂ ᠬᠠᠷᠢᠯᠴᠠᠨ ᠬᠠᠪᠰᠤᠷᠤᠯᠴᠠᠬᠤ ᠨᠢ ᠠᠵᠢᠯᠴᠢ ᠬᠦᠳᠡᠯᠮᠦᠷᠢᠴᠢ ᠪᠠᠷ ᠠᠵᠤ ᠲᠦᠷᠦᠵᠦ ᠪᠠᠶᠠᠵᠢᠨ ᠴᠢᠨᠡᠭᠡᠯᠢᠭᠵᠢᠬᠦ ᠲᠠᠢ ᠠᠳᠠᠯᠢᠬᠠᠨ ᠴᠢᠬᠤᠯᠠ ᠪᠠᠶᠢᠳᠠᠭ᠂ ᠬᠤᠶᠢᠰᠢᠳᠠ ᠶᠢᠨ ᠬᠦᠭᠵᠢᠯᠲᠡ ᠶᠢᠨ ᠢᠶᠠᠨ ᠲᠤᠬᠠᠢ ᠮᠦᠩᠬᠡᠪᠠᠶᠠᠷ᠄ ︽ᠡᠨᠡ ᠵᠢᠯ ᠠᠴᠠ ᠪᠢ ᠵᠢᠵᠢᠭ ᠬᠡᠯᠪᠡᠷᠢ ᠶᠢᠨ ᠨᠢᠳᠦᠯᠵᠦ ᠪᠣᠯᠪᠠᠰᠣᠷᠠᠭᠤᠯᠬᠤ ᠠᠵᠤ ᠦᠢᠯᠡᠰ ᠢ ᠳᠤᠷᠰᠢᠨ ᠬᠢᠵᠦ᠂ ᠮᠠᠯ ᠤᠨ ᠦᠨ᠎ᠡ ᠬᠠᠩᠰᠢ ᠲᠤᠤᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠡᠷᠬᠢᠨ ᠲᠤᠭᠤᠷᠢᠨ ᠤ ᠮᠠᠯᠴᠢᠳ ᠢᠶᠠᠨ ᠳᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠬᠦ ᠪᠣᠳᠣᠯᠭ᠎ᠠ ᠲᠠᠢ ᠪᠠᠶᠢᠨ᠎ᠠ︾ ᠭᠡᠵᠦ ᠶᠠᠷᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号