6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠪᠦᠯᠬᠦᠮ | ᠳᠠᠭᠠᠭᠤᠯᠤᠨ ᠬᠥᠬᠡᠬᠤᠲᠠ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ | ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠪᠠ᠃ ᠬᠤᠶᠠᠷ ᠲᠠᠯ᠎ᠠ ᠪᠠᠷ ᠢᠶᠠᠨ ᠵᠢᠩᠬᠢᠨᠢ ᠡᠮ ᠤᠨ ᠮᠠᠲ᠋ᠧᠷᠢᠶᠠᠯ ᠤᠨ ᠲᠠᠷᠢᠮᠠᠯ ᠢ ᠰᠤᠳᠤᠯᠤᠨ | ᠨᠡᠭᠡᠭᠡᠬᠦ ᠪᠠ ᠬᠠᠮᠠᠭᠠᠯᠠᠬᠤ᠂ ᠴᠡᠭᠡ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢᠨ ᠠᠵᠢᠯ ᠤᠨ ᠲᠠᠰᠤᠭ ᠤᠨ ᠪᠦᠲᠦᠭᠡᠨ | ᠪᠠᠶᠢᠭᠤᠯᠤᠯᠲᠠ ᠵᠢᠴᠢ ᠪᠡᠶ᠎ᠡ ᠰᠡᠳᠬᠢᠴᠠ ᠶᠢᠨ ᠠᠨᠠᠭᠠᠬᠤ ᠤᠬᠠᠭᠠᠨ ᠤ ᠵᠠᠰᠠᠯ ᠤᠨ ᠰᠦᠪᠡᠭᠴᠢᠯᠡᠯᠲᠡ ᠵᠡᠷᠭᠡ ᠣᠯᠠᠨ | ᠲᠠᠯ᠎ᠠ ᠪᠠᠷ ᠥᠷᠭᠡᠨ ᠳᠡᠯᠭᠡᠷ ᠭᠦᠨᠵᠡᠭᠡᠶ ᠬᠠᠮᠲᠤᠷᠠᠯᠴᠠᠭ᠎ᠠ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠨ ᠲᠥᠷᠥᠯ | ᠵᠦᠢᠯ ᠭᠤᠶᠤᠴᠢᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ᠂ | ᠬᠠᠮᠲᠤ ᠪᠠᠷ ᠰᠤᠳᠤᠯᠤᠨ ᠨᠡᠭᠡᠭᠡᠬᠦ ᠦᠷ᠎ᠡ ᠪᠦᠲᠦᠭᠡᠯ ᠭᠠᠷᠭᠠᠬᠤ ᠪᠠᠷ ᠳᠠᠮᠵᠢᠭᠤᠯᠤᠨ᠂ ᠠᠪᠠᠭ᠎ᠠ ᠬᠤᠰᠢᠭᠤᠨ ᠤ | ᠤᠯᠠᠮᠵᠢᠯᠠᠯᠲᠤ ᠬᠢᠲᠠᠳ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠰᠤᠳᠤᠯᠭᠠᠨ᠂ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠪᠠ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠬᠦᠴᠦᠨ | ᠨᠡᠮᠡᠷᠢᠯᠡᠵᠦ᠂ ᠣᠷᠣᠨ ᠪᠦᠰᠡ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠷᠢᠯᠴᠠᠨ ᠲᠣᠯᠢ ᠪᠣᠯᠭᠠᠬᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠠᠪᠠᠭ᠎ᠠ ᠬᠤᠰᠢᠭᠤᠨ ᠤ ᠮᠣᠩᠭᠤᠯ ᠬᠢᠲᠠᠳ ᠡᠮ | ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠪᠠᠭ᠎ᠠ ᠬᠤᠰᠢᠭᠤ ᠠᠵᠠ ᠲᠤᠬᠢᠶᠠᠯ ᠢ ᠡᠵᠡᠮᠳᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠲᠠᠢ ᠰᠣᠯᠢᠯᠴᠠᠭ᠎ᠠ ᠬᠠᠮᠲᠤᠷᠠᠯᠴᠠᠭ᠎ᠠ ᠬᠢᠬᠦ ᠠᠵᠠ | ᠲᠣᠬᠢᠶᠠᠯ ᠢ ᠪᠠᠲᠤ ᠡᠵᠡᠮᠳᠡᠵᠦ᠂ ᠪᠣᠳᠠᠲᠠᠢ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠨ ᠰᠢᠨ᠎ᠡ ᠶᠢ | ᠡᠭᠦᠳᠴᠦ᠂ ᠬᠦᠴᠦᠯᠡᠨ ᠦᠢᠯᠡᠳᠦᠯᠭᠡᠵᠢᠭᠦᠯᠵᠦ᠂ ᠨᠠᠷᠢᠯᠢᠭ ᠮᠡᠷᠭᠡᠵᠢᠯ᠂ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ | ᠬᠠᠯᠠᠭᠤᠨ ᠳᠤᠯᠠᠭᠠᠨ ᠣᠷᠴᠢᠨ᠂ ᠰᠢᠯᠢᠳᠡᠭ ᠦᠢᠯᠡᠴᠢᠯᠡᠭᠡ ᠪᠠᠷ ᠬᠤᠰᠢᠭᠤ ᠨᠤᠲᠤᠭ ᠤᠨ ᠡᠮ ᠡᠮᠨᠡᠯᠭᠡ ᠶᠢᠨ ᠬᠢᠷᠢ | ᠲᠦᠪᠰᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠤ ᠡᠷᠡᠭᠦᠯ | ᠮᠡᠨᠳᠦ ᠶᠢ ᠬᠠᠮᠠᠭᠠᠯᠠᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠮᠣᠩᠭᠤᠯ ᠡᠮᠨᠡᠯᠭᠡ ᠶᠢᠨ ᠬᠤᠷᠢᠶᠠᠨ ᠤ ᠭᠤᠤᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠪᠠ᠃ |