ᠠᠪᠠᠭ᠎ᠠ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
     6 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠠᠪᠠᠭ᠎ᠠ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ᠂ ᠪᠥᠬᠦ ᠣᠷᠣᠨ ᠪᠠ ᠪᠥᠬᠦ ᠠᠶᠢᠮᠠᠭ ᠤᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠲᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠩᠭᠡᠷᠡᠭᠰᠡᠨ ᠵᠢᠯ ᠤᠳ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ︽ᠠᠪᠠᠭ᠎ᠠ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠰᠦᠯ︾ ᠳᠤ ᠲᠠᠶᠢᠯᠤᠮᠵᠢ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠡᠬᠡᠨᠡᠭᠳᠡ ᠶᠢᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠂ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠤᠯ ᠤᠳᠤ ᠶᠢᠨ ᠬᠦᠭᠵᠢᠯᠳᠠ᠂ ᠢᠷᠡᠬᠡᠳᠤᠢ ᠶᠢᠨ ᠦᠢᠯᠡᠰ ᠲᠤ ᠠᠴᠢ ᠬᠤᠯᠪᠤᠭᠳᠠᠯ ᠲᠠᠢ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠬᠠᠨᠳᠤᠵᠤ᠂ ᠡᠷᠡᠰ ᠰᠢᠭᠤᠷᠬᠠᠶ ᠣᠪᠣᠷ᠂ ᠪᠣᠳᠠᠲᠠᠶ ᠶᠢ ᠡᠷᠬᠢᠮᠯᠡᠬᠦ ᠰᠤᠷᠲᠠᠯ᠂ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠱᠠᠲᠤᠨ ᠤ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠬᠥᠭᠵᠢᠯᠲᠡ ᠶᠢ ᠠᠬᠢᠭᠤᠯᠬᠤ ᠲᠠᠯ᠎ᠠ ᠠᠴᠠ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠠ ᠪᠠᠴᠢᠮ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷ ᠦᠪᠡᠷ ᠤᠨ ᠡᠬᠦᠷᠬᠡ ᠬᠠᠷᠢᠭᠤᠴᠠᠯᠭ᠎ᠠ ᠢᠶᠠᠨ ᠰᠠᠶᠢᠳᠤᠷ ᠪᠠᠶᠠᠯᠠᠬᠦᠯᠤᠨ᠂ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠠᠯᠲᠠᠲᠤ ᠬᠠᠷᠢᠭᠤᠴᠠᠯᠭ᠎ᠠ ᠶᠢ ᠴᠢᠩᠭ᠎ᠠ ᠠᠩᠬᠠᠷᠤᠨ᠂ ᠡᠭᠦᠷᠭᠡ ᠬᠠᠷᠢᠭᠤᠴᠠᠯᠭ᠎ᠠ ᠶᠢᠨ ᠬᠦᠷᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠵᠠᠶᠢᠯᠠᠰᠬᠢᠬᠦ ᠦᠭᠡᠢ᠂ ᠨᠢᠭᠤᠨ ᠳᠠᠯᠳᠠᠯᠠᠬᠤ ᠦᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠦᠨᠵᠡᠭᠡᠶ᠂ ᠪᠤᠳᠡᠳᠡᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号