ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠤ ᠪᠡᠯᠡᠳᠬᠡᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/30
   7 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ  ᠤ ᠪᠡᠯᠡᠳᠬᠡᠯ ᠬᠤᠷᠠᠯ ᠬᠤᠰᠢᠭᠤ ᠬᠤᠷᠠᠯᠳᠤᠭᠠᠨ ᠤ ᠲᠦᠪ ᠲᠤ ᠬᠤᠷᠠᠯᠳᠤᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠰᠢᠦᠢ ᠳ᠋ᠦᠩ ᠬᠤᠷᠠᠯ ᠢ ᠡᠷᠬᠢᠯᠡᠪᠡ᠃    ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 149 ᠬᠦᠢᠮᠣᠠ ᠪᠠᠶᠢᠵᠦ᠂ ᠪᠡᠯᠡᠳᠬᠡᠯ ᠬᠤᠷᠠᠯ ᠳᠤ ᠪᠣᠳᠠᠲᠠᠶ ᠣᠷᠣᠯᠴᠠᠭᠰᠠᠨ ᠲᠥᠯᠥᠭᠡᠯᠡᠭᠴᠢ 138 ᠬᠦᠢᠮᠣᠠ᠂ ᠬᠠᠤᠯᠢ ᠳᠤ ᠲᠤᠭᠳᠠᠭᠰᠠᠨ ᠬᠥᠮᠦᠨ ᠤ ᠲᠣᠭᠠᠨ ᠳᠤ ᠨᠡᠶᠢᠴᠡᠪᠡ᠃    ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ᠂ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠡᠷᠭᠢᠯᠡᠭᠴᠢ ᠭᠡᠰᠢᠭᠦᠨ ᠡᠷᠬᠢᠮᠳᠦ ᠨᠦᠬᠦᠷ ᠤᠨ ᠬᠢᠭᠰᠡᠨ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ  ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠤᠨᠤᠰᠪᠠ᠃    ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠵᠥᠪᠯᠡᠬᠦ ᠵᠦᠢᠯ ︵ᠲᠥᠰᠦᠯ︶ ᠢ ᠪᠠᠳᠤᠯᠠᠵᠦ᠂᠂ ᠶᠡᠭᠡ ᠬᠤᠷᠠᠯ ᠤᠨ ᠠᠩᠬᠠᠷᠬᠤ ᠵᠦᠢᠯ ᠢ ᠨᠡᠶᠢᠳᠡᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号