7 ᠰᠠᠷ᠎ᠠ ᠶᠢᠨ 26 ᠤ ᠦᠳᠡ ᠶᠢᠨ ᠡᠮᠦᠨ᠎ᠡ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠬᠤᠰᠢᠭᠤ | ᠬᠤᠷᠠᠯᠳᠤᠭᠠᠨ ᠤ ᠲᠦᠪ ᠲᠤ ᠡᠬᠢᠯᠡᠪᠡ᠃ | ᠬᠤᠷᠠᠯ ᠤᠨ ᠠᠭᠤᠷ ᠠᠮᠢᠰᠬᠤᠯ ᠲᠦᠪ ᠴᠢᠩᠭ᠎ᠠ ᠪᠦᠬᠡᠳ ᠬᠦᠷ ᠬᠦᠭᠵᠢᠶᠠᠨ ᠲᠠᠢ ᠪᠠᠶᠢᠯ᠎ᠠ᠃ ᠪᠥᠬᠦ | ᠬᠤᠰᠢᠭᠤᠨ ᠤ ᠡᠯ᠎ᠡ ᠠᠵᠢᠯ ᠲᠥᠷᠥᠯ ᠪᠠ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠪᠥᠬᠦ | ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠯᠢᠶᠡᠵᠦ᠂ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠪᠠᠭ᠎ᠠ ᠬᠤᠰᠢᠭᠤᠨ ᠤ | ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠠᠮᠳᠤ ᠪᠠᠷ ᠠᠷᠭ᠎ᠠ ᠤᠬᠠᠭᠠᠨ ᠰᠦᠪᠡᠭᠴᠢᠯᠡᠨ᠎ᠡ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠠᠷ ᠰᠦᠨ ᠵᠢᠶᠦ᠋ᠨ᠂ ᠨᠠᠰᠤᠨᠪᠠᠲᠤ᠂ ᠬᠠᠰᠪᠠᠭᠠᠳᠤᠷ᠂ ᠸᠠᠩ | ᠰᠢᠶᠤᠤ ᠸᠧᠢ᠂ ᠪᠠᠳᠠᠷᠠᠩᠭᠤᠢ᠂ ᠭᠧ ᠶᠦᠩ ᠵᠢᠶᠦ᠋ᠨ᠂ ᠸᠠᠩ ᠵᠢᠩ᠂ ᠳ᠋ᠤᠸᠠᠨ ᠵᠧᠨ ᠬᠤᠸᠠ᠂ ᠭᠠᠩᠴᠤᠭᠲᠦ᠂ ᠷᠧᠨ | ᠬᠤᠤ᠂ ᠶᠤᠸᠠᠨ ᠬᠠᠢ ᠴᠢᠩ᠂ ᠪᠤᠷᠤᠬᠦᠦ᠂ ᠵᠠᠩ ᠰᠢᠤᠢ ᠳ᠋ᠦᠩ᠂ ᠡᠷᠬᠢᠮᠲᠦ᠂ ᠡᡁᠧ ᠴᠧᠩ ᠬᠤᠸᠠ᠂ ᠵᠢᠷᠤᠮᠳᠦ᠂ | ᠴᠡᠷᠡᠨᠳᠤᠷᠵᠢ᠂ ᠪᠤᠯᠤᠳ᠂ ᠭᠧ ᠮᠢᠩ᠂ ᠹᠧᠩ ᠶᠢᠩ᠂ ᠵᠤᠤ ᠼᠠᠢ ᠬᠤᠩ᠂ ᠯᠤ᠋ ᠰᠢᠤᠢ ᠰᠢᠶᠠ᠂ ᠨᠠᠷᠠᠰᠤ ᠨᠠᠷ | ᠰᠠᠭᠠᠲᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠰᠢᠤᠢ ᠳ᠋ᠦᠩ ᠶᠡᠭᠡ | ᠬᠤᠷᠠᠯ ᠢ ᠡᠷᠬᠢᠯᠡᠵᠦ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠡᠬᠢᠯᠡᠭᠰᠡᠨ ᠢ ᠵᠠᠷᠯᠠᠪᠠ᠃ | ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠲᠥᠯᠥᠭᠡᠯᠡᠭᠴᠢ 149 | ᠬᠥᠮᠦᠨ᠂ ᠪᠣᠳᠠᠲᠠᠶ ᠤᠷᠤᠯᠴᠠᠭᠰᠠᠨ ᠲᠥᠯᠥᠭᠡᠯᠡᠭᠴᠢ 137 ᠬᠥᠮᠦᠨ ᠪᠠᠶᠢᠵᠦ᠂ ᠬᠠᠤᠯᠢ ᠳᠤ ᠲᠣᠭᠲᠠᠭᠠᠭᠰᠠᠨ | ᠬᠥᠮᠦᠨ ᠤ ᠲᠣᠭᠠᠨ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ ︽ᠤᠯᠤᠰ ᠤᠨ ᠰᠦᠯᠳᠡ ᠳᠠᠭᠤᠤ ︾ ᠶᠢᠨ ᠳᠤᠮᠳᠠ ᠬᠤᠷᠠᠯ ᠵᠢᠩᠬᠢᠨᠢ ᠪᠠᠷ | ᠡᠬᠢᠯᠡᠪᠡ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠨᠠᠰᠤᠨᠪᠠᠲᠤ | ᠠᠴᠠ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠤᠷᠳᠤᠨ ᠤ | ᠲᠤᠰᠬᠠᠢ ᠰᠡᠳᠦᠪᠳᠦ ᠮᠡᠳᠡᠬᠦᠯᠦᠯᠳᠡ ᠬᠢᠵᠠᠢ᠃ | ᠲᠤᠰᠬᠠᠢ ᠰᠡᠳᠦᠪᠳᠦ ᠮᠡᠳᠡᠬᠦᠯᠦᠯᠳᠡ ᠳᠤ ᠪᠠᠨ᠂ ᠡᠳ᠋ ᠤᠨ ᠵᠠᠰᠠᠭ ᠤᠨ ᠡᠷᠬᠢᠯᠳᠡ ᠵᠢᠴᠢ ᠥᠷᠢ ᠥᠭᠴᠡᠭᠡ ᠶᠢ | ᠴᠠᠶᠢᠷᠠᠭᠤᠯᠬᠤ︔ ᠲᠦᠪᠡᠭᠲᠡᠢ ᠠᠰᠠᠭᠤᠳᠠᠯ ᠢ ᠵᠦᠢ ᠵᠣᠬᠢᠰᠲᠠᠢ ᠰᠢᠢᠳᠪᠦᠷᠢᠯᠡᠬᠦ︔ ᠴᠠᠯᠢᠩ ᠤᠨ ᠪᠠᠷᠢᠮᠵᠢᠶ᠎ᠠ ᠶᠢ | ᠳᠡᠭᠡᠭᠰᠢᠯᠡᠭᠦᠯᠬᠦ ᠵᠢᠴᠢ ᠦᠨᠳᠦᠰᠦᠨ ᠱᠠᠲᠤᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠬᠦ︔ ᠰᠠᠭᠤᠷᠢ | ᠲᠥᠬᠦᠭᠡᠷᠦᠮᠵᠢ ᠶᠢ ᠰᠠᠶᠢᠵᠢᠷᠠᠭᠤᠯᠬᠤ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ︔ | ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ︔ | ᠪᠡᠯᠴᠢᠭᠡᠷ ᠤᠨ ᠳᠠᠭᠠᠭᠠᠴᠠ ᠠᠴᠠ ᠬᠡᠳᠦᠷᠡᠭᠦᠯᠦᠨ ᠮᠠᠯᠵᠢᠬᠤ ᠵᠢᠴᠢ ᠴᠡᠭᠴᠡᠯᠡᠨ ᠰᠠᠶᠢᠵᠢᠷᠠᠭᠤᠯᠬᠤ︔ ᠬᠢᠨᠠᠨ ᠪᠤᠳᠤᠵᠤ | ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠲᠤᠯᠤᠭᠠᠨ ᠲᠠᠯ᠎ᠠ ᠪᠠᠷ ᠪᠦᠬᠦ | ᠬᠤᠰᠢᠭᠤᠨ ᠤ ᠡᠯ᠎ᠡ ᠵᠦᠢᠯ ᠤᠨ ᠠᠵᠢᠯ ᠢᠶᠠᠨ ᠡᠷᠬᠢᠴᠡᠬᠦᠯᠦᠨ ᠳ᠋ᠦᠩᠨᠠᠵᠠᠢ᠃ | ᠮᠡᠳᠡᠬᠦᠯᠦᠯᠳᠡ ᠳᠤ ᠵᠢᠭᠠᠬᠤ ᠳᠤ ᠪᠠᠨ᠂ ᠡᠳ᠋ ᠤᠨ ᠵᠠᠰᠠᠭ ᠤᠨ ᠣᠷᠤᠯᠭ᠎ᠠ ᠶᠢᠨ ᠲᠠᠯ᠎ᠠ ᠪᠠᠷ 2021 ᠣᠨ ᠠᠴᠠ | 2023 ᠣᠨ ᠪᠣᠯᠲᠠᠯ᠎ᠠ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.97 | ᠳ᠋ᠦᠩᠰᠢᠭᠤᠷ ᠲᠥᠭᠦᠷᠢᠭ ᠠᠴᠠ 5.29 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ 78.1 % ᠪᠠᠷ | ᠨᠡᠮᠡᠭᠳᠡᠪᠡ︔ 2024 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 5.56 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ ᠬᠢ ᠲᠠᠢ ᠬᠠᠷᠢᠴᠠᠭᠤᠯᠪᠠᠯ 5.1 % ᠪᠠᠷ | ᠨᠡᠮᠡᠭᠳᠡᠪᠡ᠃ ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 13.22 ᠳ᠋ᠦᠩᠰᠢᠭᠤᠷ ᠲᠥᠭᠦᠷᠢᠭ ᠠᠴᠠ 16.56 ᠳ᠋ᠦᠩᠰᠢᠭᠤᠷ ᠲᠥᠭᠦᠷᠢᠭ ᠪᠣᠯᠤᠨ | ᠨᠡᠮᠡᠭᠳᠡᠵᠦ᠂ 25.3 % ᠪᠠᠷ ᠨᠡᠮᠡᠭᠳᠡᠪᠡ᠃ ᠥᠷᠢ ᠦᠭᠴᠡᠭᠡ ᠶᠢ ᠴᠠᠶᠢᠷᠠᠭᠤᠯᠬᠤ ᠲᠠᠯ᠎ᠠ ᠪᠠᠷ᠂ ᠥᠷᠢ ᠥᠭᠴᠡᠭᠡᠨ ᠤ | ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ | ᠪᠦᠳᠤᠮᠵᠢᠳᠡᠢ ᠬᠡᠷᠡᠭᠯᠡᠬᠦ ᠶᠢ ᠪᠠᠷᠢᠮᠲᠠᠯᠠᠨ᠂ ᠲᠥᠷᠥᠯ ᠵᠦᠢᠯ ᠤᠨ ᠶᠠᠰᠤ ᠴᠢᠨᠠᠷ ᠢ ᠴᠢᠩᠭ᠎ᠠ ᠪᠠᠲᠤᠯᠠᠵᠤ᠂ ᠳᠠᠯᠳᠠ | ᠥᠭᠴᠡᠭᠡᠨ ᠤ ᠨᠡᠮᠡᠭᠳᠡᠯ ᠢ ᠡᠷᠡᠰ ᠢᠶᠠᠷ ᠬᠤᠷᠢᠭᠯᠠᠪᠠ᠃ ᠪᠤᠰᠤᠳ ᠡᠳ᠋ ᠤᠨ ᠵᠠᠰᠠᠭ ᠤᠨ ᠲᠠᠯ᠎ᠠ ᠪᠠᠷ᠂ 2021 | ᠣᠨ ᠠᠴᠠ ᠤᠳᠤ ᠪᠣᠯᠲᠠᠯ᠎ᠠ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠳᠤ ᠬᠤᠯᠪᠣᠭᠳᠠᠭᠰᠠᠨ 4.85 ᠳ᠋ᠦᠩᠰᠢᠭᠤᠷ | ᠲᠥᠭᠦᠷᠢᠭ ᠨᠥᠬᠦᠪᠦᠷᠢ ᠶᠢᠨ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠠᠷᠬᠠᠭᠠᠪᠠ᠃ ᠬᠢᠯᠢ ᠬᠢᠵᠠᠭᠠᠷ | ᠣᠷᠣᠨ ᠤ ᠮᠠᠯᠴᠢᠳ ᠲᠤ 6732 ᠲᠦᠮᠡᠨ ᠲᠥᠭᠦᠷᠢᠭ ᠬᠢᠯᠢ ᠶᠢᠨ ᠠᠷᠠᠳ ᠤᠨ ᠨᠦᠬᠦᠪᠤᠷᠢ ᠲᠠᠷᠬᠠᠭᠠᠪᠠ᠃ | ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠠᠯ᠎ᠠ ᠪᠠᠷ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠰᠠᠭᠤᠷᠢ ᠠᠵᠢᠯ ᠤᠨ ᠪᠦᠲᠦᠮᠵᠢ ᠶᠢᠨ ᠱᠠᠩᠨᠠᠯ ᠤᠨ ᠮᠥᠩᠭᠦ᠂ ᠰᠤᠮᠤ ᠪᠠᠯᠭᠠᠰᠤᠨ ᠤ ᠠᠵᠢᠯ ᠦᠢᠯᠡᠰ ᠤᠨ | ᠨᠢᠭᠡᠴᠡ ᠶᠢᠨ ᠠᠯᠪᠠᠨ ᠲᠡᠷᠭᠡ ᠶᠢᠨ ᠨᠥᠬᠦᠪᠥᠷᠢ ᠪᠠ ᠰᠤᠮᠤ ᠪᠠᠯᠭᠠᠰᠤᠨ ᠤ ᠨᠥᠬᠦᠪᠥᠷᠢ ᠶᠢ ᠲᠠᠷᠬᠠᠭᠠᠬᠤ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠪᠠ᠃ ᠪᠥᠬᠦ ᠬᠤᠰᠢᠭᠤᠨ ᠤ ᠴᠠᠯᠢᠩ ᠤᠨ ᠴᠢᠨᠠᠷᠲᠠᠶ ᠵᠠᠷᠤᠯᠭ᠎ᠠ 2021 ᠣᠨ ᠤ 3. | 39 ᠳ᠋ᠦᠩᠰᠢᠭᠤᠷ ᠲᠥᠭᠦᠷᠢᠭ ᠠᠴᠠ 2023 ᠣᠨ ᠳᠤ 4.41 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ | 30.09 % ᠪᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠠᠯ᠎ᠠ | ᠪᠠᠷ᠂ ᠬᠤᠰᠢᠭᠤ ᠵᠠᠰᠠᠭ ᠤᠨ ᠣᠷᠳᠣᠨ ︽ᠠᠷᠠᠳ ᠤᠨ ᠰᠠᠨᠠᠯ︾ ᠢ ᠴᠤᠭᠯᠠᠭᠤᠯᠬᠤ᠂ ᠠᠩᠬ᠎ᠠ ᠲᠣᠭᠲᠠᠭᠠᠬᠤ᠂ ᠬᠢᠨᠠᠨ | ᠵᠥᠪᠯᠡᠬᠦ᠂ ᠪᠢᠯᠧᠲ ᠢᠶᠠᠷ ᠲᠣᠭᠲᠠᠭᠠᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠡᠯ᠎ᠡ ᠱᠠᠲᠤᠨ ᠳᠤ ᠲᠤᠭᠤᠰᠢᠯᠠᠭᠤᠯᠵᠦ᠂ ᠨᠡᠶᠢᠲᠡ 3.4154 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠠᠷᠠᠳ ᠤᠨ ᠠᠮᠢᠳᠤᠷᠠᠯ ᠤᠨ 27 ᠲᠥᠷᠥᠯ ᠵᠦᠢᠯ ᠢ ᠬᠡᠷᠡᠭᠵᠢᠭᠦᠯᠪᠡ᠃ ᠭᠤᠤᠯᠳᠠᠭᠤ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠰᠠᠭᠤᠭᠠᠯᠢ ᠤᠷᠴᠢᠨ ᠤ | ᠰᠠᠶᠢᠵᠢᠷᠠᠭᠤᠯᠤᠯᠲᠠ᠂ ᠮᠠᠯᠵᠢᠬᠤ ᠣᠷᠣᠨ ᠤ ᠰᠠᠭᠤᠷᠢ ᠲᠦᠬᠦᠬᠡᠷᠤᠮᠵᠢ᠂ ᠨᠠᠰᠤᠵᠢᠯ ᠪᠠ ᠨᠢᠯᠬᠠᠰ ᠤᠨ ᠠᠰᠠᠷᠠᠮᠵᠢ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠬᠠᠮᠤᠷᠪᠠ᠃ 2024 ᠣᠨ ᠳᠤ 1.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ 7 ᠲᠥᠷᠥᠯ ᠵᠦᠢᠯ ᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ᠂ | ᠪᠡᠶ᠎ᠡ ᠲᠠᠮᠢᠷ ᠤᠨ ᠲᠥᠬᠦᠭᠡᠷᠦᠮᠵᠢ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ ᠴᠠᠷ᠎ᠠ ᠶᠢ | ᠬᠠᠮᠤᠷᠪᠠ ᠭᠡᠵᠠᠢ᠃ | ᠮᠡᠳᠡᠬᠦᠯᠦᠯᠳᠡ ᠳᠤ ᠣᠶᠢᠷ᠎ᠠ ᠶᠢᠨ ᠭᠤᠷᠪᠠᠨ ᠵᠢᠯ ᠳᠤ᠂ ᠪᠥᠬᠦ ᠬᠤᠰᠢᠭᠤᠨ ᠤ ᠰᠣᠶᠣᠯ ᠰᠤᠷᠭᠠᠨ ᠬᠥᠮᠦᠵᠢᠯ᠂ | ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠪᠡ᠃ ᠭᠠᠩ ᠬᠠᠭᠰᠠᠷᠠᠭᠠᠨ ᠠᠴᠠ ᠪᠣᠯᠵᠤ ᠮᠢᠬᠠᠨ ᠤ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ | ᠠᠨᠠᠢ ᠪᠠᠶᠢᠬᠤ ᠪᠠ ᠡᠪᠡᠰᠦ ᠪᠣᠷᠳᠤᠭ᠎ᠠ ᠶᠢᠨ ᠨᠥᠭᠡᠴᠡ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ | ᠬᠤᠰᠢᠭᠤ ᠵᠠᠰᠠᠭ ᠤᠨ ᠣᠷᠳᠣᠨ ᠭᠠᠩ ᠬᠠᠭᠰᠠᠷᠠᠭᠠᠨ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠶᠢ ᠡᠯ᠎ᠡ | ᠲᠦᠷᠦᠯ ᠤᠨ ᠠᠵᠢᠯ ᠤᠨ ᠭᠤᠤᠯᠳᠠᠯᠭ᠎ᠠ ᠪᠣᠯᠭᠠᠵᠤ᠂ ᠠᠶᠢᠮᠠᠭ ᠤᠨ ᠳᠣᠲᠣᠷ᠎ᠠ ᠭᠠᠳᠠᠨᠠᠬᠢ ᠡᠯ᠎ᠡ ᠲᠥᠷᠥᠯ ᠤᠨ ᠠᠮᠢᠳᠤ | ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠵᠣᠬᠢᠴᠠᠭᠤᠯᠤᠨ | ᠴᠤᠭᠯᠠᠭᠤᠯᠵᠤ᠂ ᠲᠤᠬᠠᠢ ᠶᠢᠨ ᠭᠠᠵᠠᠷ ᠲᠤ ᠪᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠡᠭᠡᠭᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠮᠠᠯᠴᠢᠳ ᠢ ᠬᠠᠪᠰᠤᠷᠤᠨ ᠲᠣᠰ ᠲᠣᠰ ᠤᠨ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠲᠣᠬᠢᠷᠠᠮᠵᠢᠲᠠᠶ ᠠᠷᠠᠯᠵᠢᠶᠠᠨ ᠤ ᠵᠠᠬ᠎ᠠ ᠶᠢ ᠰᠣᠩᠭᠤᠨ ᠵᠠᠷᠤᠴᠠᠭᠤᠯᠬᠤ ᠶᠢ ᠲᠦᠷᠭᠡᠳᠬᠡᠪᠡ᠃ ᠡᠭᠦᠨ ᠤ | ᠬᠠᠮᠲᠤ ︽ᠠᠪᠠᠭ᠎ᠠ ᠬᠤᠰᠢᠭᠤᠨ ᠤ 2024 ᠣᠨ ᠤ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ | ᠲᠡᠵᠢᠭᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠲᠡᠳᠬᠦᠨ ᠳᠡᠮᠵᠢᠬᠦ ᠲᠦᠷ ᠬᠡᠷᠡᠭᠵᠢᠭᠦᠯᠬᠦ ᠠᠷᠭ᠎ᠠ︾᠂ ︽ | ᠠᠪᠠᠭ᠎ᠠ ᠬᠤᠰᠢᠭᠤᠨ ᠤ 2024 ᠣᠨ ᠤ ︿ᠭᠤᠷᠪᠠᠨ ᠱᠠᠳᠤᠨ︶ ᠤ ᠪᠠᠴᠢᠮ ᠪᠠᠶᠢᠳᠠᠯ ᠢ ᠠᠷᠭᠠᠴᠠᠭᠠᠬᠤ ᠬᠤᠯᠢᠮᠠᠭ | ᠲᠡᠵᠢᠭᠡᠯ ᠪᠤᠷᠳᠤᠭ᠎ᠠ ᠨᠦᠭᠡᠴᠡᠯᠡᠬᠦ ᠨᠥᠬᠦᠪᠥᠷᠢ ᠶᠢᠨ ᠲᠦᠷ ᠬᠡᠷᠡᠭᠵᠢᠭᠦᠯᠬᠦ ᠠᠷᠭ᠎ᠠ︾᠂ ︽ᠠᠪᠠᠭ᠎ᠠ ᠬᠤᠰᠢᠭᠤᠨ ᠤ | ᠮᠥᠩᠭᠦᠨ ᠭᠦᠢᠯᠭᠡᠭᠡᠨ ᠢᠶᠠᠷ ᠭᠤᠣᠯᠯᠠᠭᠴᠢ ᠠᠵᠤ ᠦᠢᠯᠡᠰ ᠤᠨ ᠲᠦᠭᠰᠢᠭᠦᠷᠢ ᠶᠢ ᠳᠡᠳᠭᠦᠨ ᠳᠡᠮᠵᠢᠬᠦ ᠨᠥᠬᠦᠪᠥᠷᠢ | ᠮᠥᠩᠭᠦ ᠶᠢ ᠬᠡᠷᠡᠭᠯᠡᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ | ᠣᠷᠣᠯᠠᠨ ᠲᠡᠵᠢᠭᠡᠬᠦ ᠨᠥᠬᠦᠪᠥᠷᠢ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠶᠢ ᠪᠠᠲᠤᠯᠠᠬᠤ᠂ ᠮᠥᠩᠭᠦᠨ | ᠭᠦᠢᠯᠭᠡᠭᠡ ᠪᠠᠷ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠷᠢᠯᠢᠭ | ᠤᠨᠤᠪᠴᠢᠲᠠᠢ ᠪᠠᠷ ᠲᠡᠳᠬᠦᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠳ ᠤᠨ | ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠴᠠᠭ ᠳᠤᠬᠢᠶᠠᠯ ᠢ ᠠᠮᠵᠢᠨ ᠮᠠᠯ ᠤᠨ ᠭᠠᠷᠭᠠᠯᠲᠠ ᠶᠢ ᠲᠦᠷᠭᠡᠳᠬᠡᠬᠦ ᠪᠠ | ᠲᠡᠵᠢᠭᠡᠯ ᠡᠪᠡᠰᠦ ᠪᠣᠷᠳᠤᠭ᠎ᠠ ᠶᠢ ᠭᠦᠢᠴᠡᠳ ᠨᠥᠭᠡᠴᠡᠯᠡᠬᠦ ᠶᠢ ᠠᠬᠢᠭᠤᠯᠵᠤ᠂ ᠮᠠᠯᠴᠢᠨ ᠲᠦᠮᠡᠨ ᠤ ᠦᠢᠯᠡᠳᠪᠦᠷᠢᠯᠡᠯ | ᠡᠵᠡᠩᠨᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠲᠡᠵᠢᠭᠡᠯ ᠡᠪᠡᠰᠦ ᠪᠤᠷᠳᠤᠭ᠎ᠠ ᠶᠢᠨ | ᠦᠨ᠎ᠡ ᠬᠠᠩᠰᠢ ᠶᠢᠨ ᠲᠣᠭᠲᠠᠭᠤᠨ ᠪᠠ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠪᠠ ᠭᠡᠵᠠᠢ᠃ | ᠮᠡᠳᠡᠬᠦᠯᠦᠯᠳᠡ ᠳᠤ ᠱᠠᠭᠠᠷᠳᠠᠬᠤ ᠳᠤ ᠪᠠᠨ᠂ ᠵᠠᠰᠠᠭ ᠤᠨ ᠣᠷᠳᠣᠨ ᠠᠴᠠ ᠲᠤᠰ ᠤᠳᠠᠭ᠎ᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠲᠤᠭᠤᠰᠢᠯᠠᠭᠤᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠭᠦᠢᠴᠡᠳᠭᠡᠨ᠂ ︽ᠵᠢᠷᠭᠤᠭᠠᠨ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠠᠵᠢᠯ ᠤᠨ | ᠰᠡᠳᠬᠢᠴᠡ ᠪᠠᠨ ᠦᠷᠭᠡᠳᠬᠡᠨ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠷᠠᠳ ᠲᠦᠮᠡᠨ ᠰᠡᠳᠬᠢᠯ ᠬᠠᠨᠤᠮᠵᠢᠲᠠᠢ | ᠪᠠᠶᠢᠬᠤ ᠪᠠᠷ ᠪᠠᠷᠢᠮᠵᠢᠶ᠎ᠠ ᠪᠣᠯᠭᠠᠵᠤ᠂ ᠡᠯ᠎ᠡ ᠲᠦᠷᠦᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ | ᠠᠬᠢᠭᠤᠯᠵᠤ᠂ ᠴᠡᠴᠡᠭᠯᠡᠨ ᠬᠥᠭᠵᠢᠭᠰᠡᠨ᠂ ᠪᠣᠯᠪᠠᠰᠤᠨ᠂ ᠡᠶ᠎ᠡ ᠵᠤᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠵᠣᠯ | ᠵᠢᠷᠭᠠᠯᠲᠤ ᠠᠪᠠᠭ᠎ᠠ ᠨᠣᠳᠤᠭ ᠢᠶᠠᠨ ᠪᠦᠬᠦ ᠲᠠᠯ᠎ᠠ ᠪᠠᠷ ᠴᠣᠭᠴᠠᠯᠠᠨ ᠪᠠᠶᠢᠭᠤᠯᠬᠤ ᠪᠠᠷ ᠪᠦᠯᠬᠦᠮᠳᠡᠨ ᠲᠡᠮᠡᠴᠡᠵᠡᠭᠡᠶ᠎ᠡ | ᠭᠡᠵᠠᠢ᠃ | ᠶᠡᠭᠡ ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠠᠴᠠ ︽ᠠᠪᠠᠭ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ | ᠠᠵᠢᠯ ᠤᠨ ᠠᠬᠢᠴᠠ ᠶᠢᠨ ᠪᠠᠶᠢᠳᠠᠯ ᠤᠨ ᠮᠡᠳᠡᠬᠦᠯᠦᠯᠳᠡ︾ ᠬᠢᠵᠦ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠤᠸᠠᠨ ᠵᠧᠨ ᠬᠤᠸᠠ ᠠᠴᠠ | ᠵᠢᠱᠢᠭᠳᠡᠭᠰᠡᠳ ᠤᠨ ᠨᠡᠷᠡᠰ ᠪᠣᠯᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠳᠤ | ᠲᠣᠳᠣᠷᠬᠠᠶᠢᠯᠠᠯᠲᠠ ᠬᠢᠪᠡ᠃ | ᠶᠡᠭᠡ ᠬᠤᠷᠠᠯ ᠳᠤ ᠪᠠᠰᠠ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠤ ᠰᠠᠨᠠᠯ ᠵᠥᠪᠯᠡᠯᠭᠡ ᠶᠢ | ᠪᠠᠲᠤᠯᠠᠬᠤ ᠠᠷᠭ᠎ᠠ ︵ᠲᠥᠰᠦᠯ︶ ᠶᠢ ᠪᠠᠳᠤᠯᠠᠵᠦ᠂ ᠲᠦᠯᠦᠭᠡᠯᠡᠭᠴᠢᠳ ᠠᠷᠪᠠᠨ ᠬᠥᠮᠦᠨ ᠠᠴᠠ ᠳᠡᠭᠡᠭᠰᠢ ᠨᠡᠷ᠎ᠡ | ᠬᠤᠯᠪᠤᠭᠠᠯᠠᠨ ᠵᠢᠱᠢᠭᠳᠡᠭᠴᠢ ᠲᠤᠷᠠᠳᠬᠤ ᠴᠠᠭ ᠤᠨ ᠬᠢᠵᠠᠭᠠᠷᠯᠠᠯ ᠢ ᠲᠡᠪᠰᠢᠬᠦᠯᠪᠡ᠃ | ᠬᠤᠰᠢᠭᠤ ᠠᠷᠠᠳ ᠤᠨ ᠲᠥᠯᠥᠭᠡᠯᠡᠭᠴᠢ ᠪᠤᠰᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠬᠤᠰᠢᠭᠤᠨ ᠳᠤ ᠰᠠᠭᠤᠭ᠎ᠠ | ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢ ᠪᠠᠭᠳᠠᠭᠠᠨ᠎ᠠ︶ ᠤᠨ ᠬᠤᠰᠢᠭᠤ ᠠᠷᠠᠳ ᠤᠨ ᠲᠦᠯᠦᠬᠡᠯᠡᠭᠴᠢ ᠪᠤᠰᠦ | ᠵᠢᠩᠬᠢᠨᠢ ᠲᠤᠰᠢᠶᠠᠯᠳᠦ ᠤᠳᠤᠷᠢᠳᠤᠯᠭ᠎ᠠ᠂ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠪᠠ ᠠᠬᠠᠮᠠᠳ ᠺᠠᠳ᠋ᠷᠴᠤᠳ ᠤᠨ ᠲᠥᠯᠥᠭᠡᠯᠡᠭᠴᠢ ᠨᠠᠷ ᠬᠤᠷᠠᠯ ᠳᠤ ᠰᠤᠯᠠ ᠤᠷᠤᠯᠴᠠᠪᠠ᠃ |