7 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ | ᠬᠤᠷᠠᠯᠳᠤᠭᠠᠨ ᠤ ᠭᠤᠷᠪᠠᠳᠤᠭᠠᠷ ᠤᠳᠠᠭᠠᠨ ᠤ ᠪᠦᠬᠦ ᠲᠦᠯᠦᠬᠡᠯᠡᠭᠴᠢᠳ ᠤᠨ ᠬᠤᠷᠠᠯ ᠬᠤᠰᠢᠭᠤ ᠬᠤᠷᠠᠯᠳᠤᠭᠠᠨ ᠤ | ᠲᠦᠪ ᠲᠤ ᠬᠤᠷᠠᠯᠳᠤᠵᠦ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠠᠮᠵᠢᠯᠳᠠ ᠲᠠᠢ ᠲᠡᠬᠦᠰᠪᠠ᠃ | ᠶᠡᠭᠡ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 149 ᠬᠦᠮᠦᠨ᠂ ᠪᠤᠳᠠᠳᠠᠢ ᠤᠷᠤᠯᠴᠠᠭᠰᠠᠨ | ᠲᠦᠯᠦᠭᠡᠯᠡᠭᠴᠢ 137 ᠬᠦᠮᠦᠨ ᠪᠠᠶᠢᠵᠦ᠂ ᠬᠠᠤᠯᠢ ᠳᠤ ᠲᠤᠭᠳᠠᠭᠰᠠᠨ ᠬᠦᠮᠦᠨ ᠤ ᠲᠤᠭᠠᠨ ᠳᠤ ᠨᠡᠶᠢᠴᠡᠪᠡ᠃ | ᠶᠡᠭᠡ ᠬᠤᠷᠠᠯ ᠤᠨ ᠬᠦᠢᠴᠡᠳᠭᠡᠭᠴᠢ ᠲᠡᠷᠢᠭᠦᠯᠡᠭᠴᠢ ᠪᠠᠷ ᠰᠦᠨ ᠵᠢᠶᠦ᠋ᠨ᠂ ᠨᠠᠰᠤᠨᠪᠠᠲᠤ᠂ ᠬᠠᠰᠪᠠᠭᠠᠳᠤᠷ᠂ ᠸᠠᠩ | ᠰᠢᠶᠤᠤ ᠸᠧᠶ᠂ ᠪᠠᠳᠠᠷᠠᠩᠭᠤᠢ᠂ ᠭᠧ ᠶᠦᠩ ᠵᠢᠶᠦ᠋ᠨ᠂ ᠸᠠᠩ ᠵᠢᠩ᠂ ᠳ᠋ᠤᠸᠠᠨ ᠵᠧᠨ ᠬᠤᠸᠠ᠂ ᠭᠠᠩᠴᠣᠭᠲᠤ᠂ ᠷᠧᠨ | ᠬᠤᠤ᠂ ᠶᠤᠸᠠᠨ ᠬᠠᠶ ᠴᠢᠩ᠂ ᠪᠤᠷᠤᠬᠦᠦ᠂ ᠵᠠᠩ ᠰᠢᠤᠢ ᠳ᠋ᠦᠩ᠂ ᠡᠷᠬᠢᠮᠲᠦ᠂ ᠾᠧ ᠴᠧᠩ ᠬᠤᠸᠠ᠂ | ᠪᠤᠶᠠᠨᠳᠦ᠋ᠬᠦᠷᠡᠩ᠂ ᠪᠦᠬᠡᠪᠢᠯᠢᠭ᠂ ᠬᠠᠢ ᠲᠤᠤ᠂ ᠨᠠᠷᠠᠨᠴᠤᠭᠳᠦ᠂ ᠸᠠᠩ ᠴᠢᠩ ᠬᠤᠸᠠ᠂ ᠨᠠᠷᠠᠰᠤ᠂ ᠸᠠᠩ ᠰᠢᠤ ᠴᠢᠨ᠂ | ᠲᠡᠮᠤᠷ ᠨᠠᠷ ᠰᠠᠭᠠᠳᠠᠵᠠᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ | ᠡᠷᠭᠢᠯᠡᠭᠴᠢ ᠵᠠᠩ ᠰᠢᠤᠢ ᠳ᠋ᠦᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ ︽ᠦᠨᠳᠦᠰᠦᠨ ᠬᠠᠤᠯᠢ︾ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠰᠢᠨ᠎ᠡ ᠪᠠᠷ | ᠰᠣᠩᠭᠤᠭᠳᠠᠭᠰᠠᠨ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ | ᠲᠤᠮᠢᠯᠠᠭᠰᠠᠨ ᠭᠡᠰᠢᠬᠦᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ | ᠬᠤᠷᠠᠯ ᠲᠡᠭᠡᠷ᠎ᠡ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠤᠩᠭᠤᠭᠳᠠᠭᠰᠠᠨ | ᠬᠠᠰᠪᠠᠭᠠᠳᠤᠷ ᠨᠦᠬᠦᠷ ᠠᠴᠠ ᠤᠪᠤᠷ ᠢᠶᠠᠨ ᠢᠯᠡᠳᠭᠡᠪᠡ᠃ ᠬᠠᠰᠪᠠᠭᠠᠳᠤᠷ ᠨᠦᠬᠦᠷ ᠤᠪᠤᠷ ᠢᠶᠠᠨ ᠢᠯᠡᠳᠭᠡᠬᠦ ᠳᠤ | ᠪᠠᠨ᠂ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠪᠠᠷᠢᠮᠲᠠᠯᠠᠨ᠎ᠠ︔ ᠬᠤᠰᠢᠭᠤ ᠨᠠᠮ ᠤᠨ ᠬᠤᠷᠢᠶᠠᠨ ᠤ | ᠭᠤᠤᠯ ᠳᠣᠭᠤᠶᠢᠯᠠᠩ ᠤᠨ ᠲᠤᠭᠤᠷᠢᠨ ᠳᠤ ᠠᠵᠢᠯ ᠢᠶᠠᠨ ᠦᠷᠨᠢᠭᠦᠯᠦᠨ᠎ᠡ︔ ᠤᠬᠠᠮᠰᠠᠷ ᠠᠴᠠ ᠪᠠᠨ ᠬᠤᠰᠢᠭᠤ | ᠨᠠᠮ ᠤᠨ ᠬᠤᠷᠢᠶᠠᠨ ᠤ ᠴᠢᠬᠤᠯᠠ ᠰᠢᠢᠳᠪᠦᠷᠢᠳᠦ ᠪᠤᠳᠤᠯᠭ᠎ᠠ ᠶᠢᠨ ᠲᠤᠭᠤᠷᠢᠨ ᠳᠤ ᠰᠠᠨᠠᠯ ᠵᠦᠪᠯᠡᠯᠭᠡ ᠠᠷᠭ᠎ᠠ | ᠪᠣᠳᠤᠯᠭ᠎ᠠ ᠭᠠᠷᠭᠠᠵᠤ ᠳᠡᠪᠰᠢᠭᠦᠯᠦᠨ᠎ᠡ︔ ᠲᠣᠰ ᠪᠡᠶ᠎ᠡ ᠶᠢᠨ ᠪᠠᠶᠢᠭᠤᠯᠤᠯᠳᠠ ᠪᠠ ᠡᠩᠨᠡᠭᠡᠨ ᠤ ᠪᠠᠶᠢᠭᠤᠯᠤᠯᠳᠠ ᠪᠠᠨ | ᠦᠨᠡᠨᠬᠦ ᠴᠢᠩᠭᠠᠳᠬᠠᠨ᠎ᠠ ᠭᠡᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ ᠨᠠᠮ ᠤᠨ ᠬᠤᠷᠢᠶ᠎ᠠ ᠶᠢ ᠲᠦᠯᠦᠬᠡᠯᠡᠨ᠂ | ᠶᠡᠭᠡ ᠬᠤᠷᠠᠯ ᠤᠨ ᠲᠡᠭᠦᠰ ᠠᠮᠵᠢᠯᠲᠠ ᠲᠠᠢ ᠶᠠᠪᠤᠭᠳᠠᠭᠰᠠᠨ ᠳᠤ ᠬᠠᠯᠠᠭᠤᠨ ᠪᠠᠶᠠᠷ ᠬᠦᠷᠭᠡᠭᠦ ᠶᠢᠨ ᠬᠠᠮᠲᠦ ᠶᠠᠷᠢᠶ᠎ᠠ | ᠲᠠᠯᠪᠢᠵᠠᠢ᠃ ᠲᠡᠷᠡ ᠶᠠᠷᠢᠶᠠᠨ ᠳᠤ ᠪᠠᠨ᠂ 2024 ᠣᠨ ᠪᠣᠯ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠪᠣᠯᠤᠨ᠎ᠠ᠂ ᠮᠦᠨᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠤᠨ | ᠪᠣᠯᠤᠨ᠎ᠠ᠂ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠶ | ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠶ ᠠᠬᠢᠭᠤᠯᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ | ᠬᠦᠴᠦᠯᠡᠵᠦ᠂ ᠡᠯ᠎ᠡ ᠵᠦᠢᠯ ᠤᠨ ᠠᠵᠢᠯ ᠢ ᠠᠬᠢᠭᠤᠯᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠤᠯᠪᠠ᠃ ᠡᠳᠡᠭᠡᠷ | ᠠᠮᠵᠢᠯᠲᠠ ᠶᠢ ᠣᠯᠤᠭᠰᠠᠨ ᠨᠢ᠂ ᠪᠦᠬᠦ ᠬᠤᠰᠢᠭᠤ ᠳᠠᠶᠠᠭᠠᠷ ᠪᠦᠯᠬᠦᠮᠳᠡᠨ ᠨᠢᠭᠲᠠᠷᠠᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠭᠰᠠᠨ ᠤ ᠦᠷ᠎ᠡ ᠳ᠋ᠦᠩ ᠪᠣᠯᠬᠤ ᠪᠥᠭᠡᠳ ᠪᠦᠬᠦ ᠠᠷᠠᠳ ᠤᠨ ᠲᠥᠯᠥᠭᠡᠯᠡᠭᠴᠢᠳ ᠤᠨ ᠣᠶᠤᠨ | ᠤᠬᠠᠭᠠᠨ ᠪᠠ ᠬᠦᠴᠦ ᠬᠥᠯᠥᠰᠥ ᠶᠢ ᠨᠢᠭᠲᠠᠷᠠᠭᠤᠯᠤᠭᠰᠠᠨ ᠦᠷ᠎ᠡ ᠪᠦᠳᠦᠮᠵᠢ ᠶᠤᠮ ᠭᠡᠪᠡ᠃ | ᠰᠦᠨ ᠵᠢᠶᠦ᠋ᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠨᠠᠭᠰᠢᠳᠡ ᠰᠠᠶᠢᠳᠤᠷ ᠬᠢᠬᠦ | ᠲᠤᠬᠠᠢ ᠱᠠᠭᠠᠷᠳᠠᠬᠤ ᠳᠤ ᠪᠠᠨ᠂ ᠨᠢᠭᠡᠳᠦᠭᠡᠷ ᠲᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ | ᠬᠡᠷᠡᠭᠲᠡᠢ᠃ ᠬᠤᠶᠠᠳᠤᠭᠠᠷ ᠲᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠵᠣᠷᠢᠭᠲᠠᠢ ᠪᠠᠷ ᠡᠭᠦᠷᠭᠡᠯᠡᠬᠦ ᠳᠤ | ᠪᠠᠶᠢᠴᠠᠭᠠᠨ ᠰᠤᠳᠤᠯᠬᠤ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ︔ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ︔ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ | ᠲᠣᠭᠲᠠᠭᠠᠯ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠲᠥᠯᠥᠭᠡᠯᠡᠭᠴᠢᠳ ᠤᠨ ᠡᠩᠨᠡᠭᠡᠨ ᠤ ᠪᠠᠶᠢᠭᠤᠯᠤᠯᠲᠠ ᠶᠢ | ᠬᠦᠴᠦᠯᠡᠨ ᠴᠢᠩᠭᠠᠳᠬᠠᠬᠤ ᠬᠡᠷᠡᠭᠳᠡᠢ᠃ ᠭᠤᠷᠪᠠᠳᠤᠭᠠᠷ ᠲᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠠᠢ᠃ | ᠲᠦᠪ ᠶᠡᠭᠡᠮᠰᠤᠭ᠌ ᠤᠯᠤᠰ ᠤᠨ ᠰᠦᠯᠳᠡ ᠲᠠᠭᠤᠤ ᠶᠢᠨ ᠲᠤᠮᠳᠠ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ | ᠠᠮᠵᠢᠯᠳᠠ ᠲᠠᠢ ᠲᠡᠬᠦᠰᠪᠠ᠃ |