ᠨᠠᠷᠠᠨᠪᠤᠯᠠᠭ ᠰᠤᠮᠤ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠬᠤ ᠬᠢᠯᠢ ᠶᠢᠨ ᠠᠶᠠᠯᠠᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/30
   7 ᠰᠠᠷ᠎ᠠ ᠶᠢᠨ 23 ᠤ ᠡᠳᠦᠷ᠂ ᠠᠪᠠᠭ᠎ᠠ ᠬᠤᠰᠢᠭᠤᠨ ᠤ ᠨᠠᠷᠠᠨᠪᠤᠯᠠᠭ ᠰᠤᠮᠤ ᠶᠢᠨ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠬᠤ ᠬᠢᠯᠢ ᠶᠢᠨ ᠠᠶᠠᠯᠠᠯ︾ ᠤᠨ ᠠᠵᠢᠯᠯᠠᠭ᠎ᠠ ᠵᠢᠷᠭᠠᠯᠠᠩᠳᠦ ᠭᠠᠴᠠᠭᠠᠨ ᠤ ᠬᠢᠯᠢ ᠳᠤ ᠶᠠᠪᠤᠭᠳᠠᠪᠠ᠃    ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠰᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠶᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠪᠠᠳᠠᠷᠠᠩᠭᠤᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠶᠤᠤ ᠴᠦᠨ ᠨᠡᠷ ᠠᠵᠢᠯᠯᠠᠭ᠎ᠠ ᠶᠢᠨ ᠠᠬᠤᠢ ᠲᠠᠯᠠᠪᠠᠢ ᠳᠤ ᠢᠷᠠᠵᠦ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠠᠷᠠᠨᠪᠤᠯᠠᠭ ᠰᠤᠮᠤᠨ ᠤ ᠪᠥᠬᠦ ᠺᠠᠳ᠋ᠷ ᠠᠵᠢᠯᠲᠠᠨ ᠠᠵᠢᠯᠴᠢᠨ᠂ ᠭᠠᠴᠠᠭᠠᠨ ᠤ ᠮᠠᠯᠴᠢᠳ ᠤᠨ ᠲᠥᠯᠥᠭᠡᠯᠡᠭᠴᠢ᠂ ᠬᠠᠷ᠎ᠠ ᠮᠣᠷᠢᠲᠤ ᠰᠤᠮᠤ ᠶᠢᠨ ᠡᠷᠦᠬᠡ ᠶᠢᠨ ᠴᠡᠷᠢᠭ᠂ ᠰᠤᠳᠤᠯᠤᠨ ᠰᠤᠷᠤᠯᠴᠠᠬᠤ ᠪᠠᠭᠰᠢ ᠰᠤᠷᠤᠭᠴᠢᠳ ᠤᠨ ᠲᠥᠯᠥᠭᠡᠯᠡᠭᠴᠢ 100 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃    ᠡᠬᠢᠯᠡᠯᠲᠡ ᠶᠢᠨ ᠶᠣᠰᠣᠯᠠᠯ ᠢᠶᠠᠷ᠂ ᠸᠠᠩ ᠰᠢᠶᠤᠤ ᠸᠧᠶ ᠶᠠᠷᠢᠶ᠎ᠠ ᠲᠠᠯᠪᠢᠪᠠ᠃ ᠲᠡᠷᠡ ᠶᠠᠷᠢᠶᠠᠨ ᠳᠤ ᠪᠠᠨ ᠬᠠᠤᠯᠢ ᠲᠦᠭᠡᠮᠡᠯᠵᠢᠭᠦᠯᠬᠦ ᠠᠵᠢᠯ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠬᠤ ᠳᠤ ᠦᠵᠡᠭᠦᠯᠬᠦ ᠴᠢᠬᠤᠯᠠ ᠴᠢᠨᠠᠷ ᠵᠢᠴᠢ ᠲᠣᠰ ᠤᠳᠠᠭᠠᠨ ᠤ ︽ᠤᠮᠠᠷᠠᠲᠤ ᠬᠢᠯᠢ ᠶᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠠᠯᠤᠰ ᠬᠡᠲᠦ ᠶᠢᠨ ᠠᠴᠢ ᠬᠤᠯᠪᠣᠭᠳᠠᠯ ᠪᠠ ᠬᠠᠷᠠᠯᠲᠠ ᠶᠢ ᠴᠢᠬᠤᠯᠠᠴᠢᠯᠠᠪᠠ᠃    ᠲᠤᠰ ᠤᠳᠠᠭᠠᠨ ᠤ ᠠᠵᠢᠯᠯᠠᠭ᠎ᠠ ᠪᠠᠷ᠂ ᠡᠩ ᠲᠡᠷᠢᠬᠦᠨ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠠᠵᠢᠯᠯᠠᠭ᠎ᠠ ᠳᠤ ᠤᠷᠤᠯᠴᠠᠭᠰᠠᠳ ᠠᠶᠠᠷᠬᠠᠨ ᠮᠠᠨᠳᠤᠬᠤ ᠲᠠᠪᠤᠨ ᠣᠳᠣᠲᠤ ᠤᠯᠠᠭᠠᠨ ᠲᠤᠭ ᠢᠶᠠᠨ  ᠲᠡᠭᠡᠳᠦᠯᠡᠨ ᠮᠠᠨᠳᠤᠭᠤᠯᠬᠤ ᠶᠢᠨ ᠬᠠᠮᠲᠤ ᠤᠯᠤᠰ ᠤᠨ ᠲᠤᠭ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠯᠭᠠᠭᠠᠳ ᠬᠠᠷ᠎ᠠ ᠮᠣᠷᠢᠲᠤ ᠰᠤᠮᠤ ᠶᠢᠨ ᠡᠷᠦᠬᠡ ᠶᠢᠨ ᠴᠡᠷᠢᠭ ᠤᠨ ᠲᠠᠭᠠᠭᠤᠯᠭ᠎ᠠ ᠲᠠᠢ ᠮᠠᠯᠴᠢᠳ ᠤᠨ ᠲᠥᠯᠥᠭᠡᠯᠡᠭᠴᠢ᠂ ᠪᠠᠭᠰᠢ ᠰᠤᠷᠤᠭᠴᠢᠳ ᠤᠨ ᠲᠥᠯᠥᠭᠡᠯᠡᠭᠴᠢ ᠵᠢᠴᠢ ᠪᠤᠰᠤᠳ ᠬᠥᠮᠦᠰ ᠬᠢᠯᠢ ᠬᠢᠵᠠᠭᠠᠷ ᠢ ᠲᠣᠭᠤᠷᠢᠨ ᠴᠠᠭᠳᠠᠬᠤ ᠰᠠᠶᠢᠨ ᠳᠤᠷ᠎ᠠ ᠶᠢᠨ ᠠᠵᠢᠯᠯᠠᠭ᠎ᠠ ᠳᠤ ᠤᠷᠤᠯᠴᠠᠭᠰᠠᠨ ᠪᠥᠭᠡᠳ ᠨᠠᠷᠠᠨᠪᠤᠯᠠᠭ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷᠴᠤᠳ ᠠᠴᠠ ᠠᠵᠢᠯᠯᠠᠭ᠎ᠠ ᠳᠤ ᠤᠷᠤᠯᠴᠠᠭᠰᠠᠳ ᠲᠤ ᠬᠢᠯᠢ ᠶᠢᠨ ᠬᠥᠰᠢᠶ᠎ᠡ ᠶᠢᠨ ᠥᠯᠢᠭᠡᠷ ᠢ ᠶᠠᠷᠢᠵᠦ ᠦᠭᠬᠦᠨ᠂ ᠣᠯᠠᠨ ᠢᠶᠠᠷ ᠢᠶᠠᠨ ᠬᠢᠯᠢ ᠬᠢᠵᠠᠭᠠᠷ ᠣᠷᠣᠨ ᠢ ᠰᠠᠬᠢᠨ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠬᠤᠰᠢᠭᠤ ᠤᠯᠠᠭᠠᠨᠮᠥ᠋ᠴᠢᠷ ᠤᠨ ᠬᠢᠨ᠂ ᠨᠠᠷᠠᠨᠪᠤᠯᠠᠭ ᠰᠤᠮᠤᠨ ᠤ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠬᠢᠨ ᠠᠴᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ︾ ᠪᠠᠷ ᠭᠤᠤᠯ ᠰᠡᠳᠦᠪ ᠪᠤᠯᠭᠠᠭᠰᠠᠨ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠲᠣᠬᠤᠨᠢᠭᠤᠯᠬᠤ ᠤᠷᠠᠨ ᠰᠠᠶᠢᠬᠠᠨ ᠤ ᠲᠣᠭᠯᠠᠯᠲᠠ ᠭᠠᠷᠭᠠᠵᠦ᠂ ᠰᠢᠨ᠎ᠡ ᠴᠠᠭ ᠦᠶ᠎ᠡ ᠶᠢᠨ ᠮᠠᠯᠴᠢᠳ ᠤᠨ ᠦᠭᠡᠳᠡᠷᠭᠡᠭ ᠢᠳᠡᠪᠬᠢ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ‍ᠤ‌‍ᠲ᠋ᠦ᠋ᠷᠢ ᠲᠦᠷᠬᠦ ᠶᠢ ᠬᠠᠷᠠᠭᠤᠯᠵᠠᠢ᠃    ᠠᠵᠢᠯᠯᠠᠭ᠎ᠠ ᠪᠠᠷ ᠪᠠᠰᠠ ︽ᠤᠯᠤᠰ ᠢᠶᠠᠨ ᠬᠦᠴᠦᠷᠬᠡᠭᠵᠢᠭᠦᠯᠵᠦ ᠰᠡᠷᠬᠦᠭᠡᠨ ᠮᠠᠨᠳᠤᠭᠤᠯᠬᠤ ᠳᠤ ᠬᠤᠪᠢ ᠨᠡᠮᠡᠷᠢ  ᠪᠠᠨ ᠦᠵᠡᠬᠦᠯᠦᠶ᠎ᠡ︾ — 2024 ᠠᠪᠠᠭ᠎ᠠ ᠬᠤᠰᠢᠭᠤᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠦᠪᠯᠡᠷᠡᠬᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠠᠵᠢᠯᠯᠠᠭ᠎ᠠ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠠᠴᠠ ︽ᠬᠠᠤᠯᠢ  ᠴᠠᠭᠠᠵᠠ ᠶᠢ ᠰᠠᠶᠢᠨ ᠮᠡᠳᠡᠭᠴᠢ ᠬᠥᠮᠦᠨ︾ ᠤ ᠪᠢᠴᠢᠭ ᠤᠨ ᠪᠣᠭᠴᠣ ᠶᠢ ᠲᠠᠷᠬᠠᠭᠠᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠵᠢᠴᠢ ᠬᠡᠪᠯᠡᠯ ᠤᠨ ᠡᠷᠬᠡ ᠶᠢᠨ ᠳᠡᠩᠰᠡᠯᠡᠯᠲᠡ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠤᠬᠠᠭᠤᠯᠭ᠎ᠠ᠂ ᠪᠣᠯᠪᠠᠰᠤᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ᠂ ᠲᠡᠷᠭᠡᠳᠡᠬᠢ ᠬᠠᠤᠯᠢ ᠴᠠᠭᠠᠵᠠ ᠶᠢᠨ  ᠦᠢᠯᠡᠴᠢᠯᠡᠭᠡ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ᠂ ᠲᠠᠷᠢᠶᠠᠯᠠᠩ ᠮᠠᠯ ᠠᠵᠤ ᠠᠬᠤᠶ ᠶᠢᠨ ᠲᠥᠷᠥ ᠶᠢᠨ ᠪᠣᠳᠣᠯᠭ᠎ᠠ ᠮᠡᠷᠭᠡᠵᠢᠯ ᠤᠨ ᠵᠢᠯᠣᠭᠤᠳᠣᠯᠭ᠎ᠠ᠂ ᠰᠦᠯᠵᠢᠶᠡᠨ ᠤ ᠠᠮᠤᠷ ᠲᠦᠪᠰᠢᠨ  ᠤ ᠲᠠᠯ᠎ᠠ ᠪᠠᠷ ᠲᠠᠨ ᠳᠤ ᠲᠤᠰᠠᠯᠠᠶ᠎ᠠ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯᠯᠠᠬᠤ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠹᠷᠦ᠋ᠼᠧᠯ ᠡᠪᠡᠳᠴᠢᠨ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ᠂ ᠡᠮᠴᠢᠯᠡᠭᠡ ᠪᠠ ᠡᠮ ᠬᠦᠷᠭᠡᠬᠦ ᠵᠡᠷᠭᠡ ᠠᠵᠢᠯᠯᠠᠭ᠎ᠠ ᠶᠢ ᠦᠷᠨᠢᠬᠦᠯᠵᠦ᠂ ︽ᠠᠷᠠᠳ ᠤᠨ ᠲᠥᠯᠥᠭᠡ ᠪᠣᠳᠠᠲᠠᠶ ᠶᠠᠪᠤᠳᠠᠯ ᠬᠢᠬᠦ︾ ᠶᠢ ᠤᠯᠠᠨ ᠲᠦᠮᠡᠨ ᠤ ᠳᠡᠷᠭᠡᠳᠡ ᠪᠠᠰᠠ ᠨᠢᠭᠡᠨ ᠲᠠᠯ᠎ᠠ ᠪᠠᠷ ᠨᠠᠶᠢᠳᠠᠪᠤᠷᠢᠵᠢᠭᠤᠯᠪᠠ᠃    ᠲᠤᠰ ᠤᠳᠠᠭᠠᠨ ᠤ ᠠᠵᠢᠯᠯᠠᠭ᠎ᠠ ᠨᠢ ︽ᠤᠯᠤᠰ ᠤᠨ ᠲᠤᠭ ᠢᠶᠠᠷ ᠤᠮᠠᠷᠠᠳᠦ ᠬᠢᠯᠢ ᠶᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠᠷ ᠭᠤᠣᠯ ᠰᠡᠳᠦᠪ ᠪᠣᠯᠭᠠᠵᠤ᠂ ᠤᠯᠠᠭᠠᠨᠮᠥ᠋ᠴᠢᠷ ᠤᠨ ᠲᠣᠭᠯᠠᠯᠲᠠ᠂ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠬᠢᠭᠡᠳ ᠤᠯᠤᠰ ᠤᠨ ᠲᠤᠭ ᠤᠨ ᠰᠣᠶᠣᠯ ᠢ ᠤᠯᠠᠮᠵᠢᠯᠠᠬᠤ ᠲᠠᠢ ᠤᠶᠠᠯᠳᠤᠭᠤᠯᠤᠨ᠂ ᠬᠢᠯᠢ ᠬᠢᠵᠠᠭᠠᠷ ᠣᠷᠣᠨ ᠤ ᠺᠠᠳ᠋ᠷ ᠠᠵᠢᠯᠲᠠᠨ ᠠᠵᠢᠯᠴᠢᠨ ᠵᠢᠴᠢ ᠮᠠᠯᠴᠢᠨ ᠲᠦᠮᠡᠨ᠂ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠲᠠᠨᠢᠯᠳᠠ ᠶᠢ ᠪᠠᠲᠤᠳᠬᠠᠵᠤ᠂ ︽ᠨᠠᠮ ᠵᠠᠰᠠᠭ ᠴᠡᠷᠢᠭ ᠴᠠᠭᠳᠠᠭ᠎ᠠ ᠠᠷᠠᠳ︾ ᠤᠨ ᠡᠯ᠎ᠡ ᠵᠦᠢᠯ ᠤᠨ ᠠᠵᠢᠯ ᠦᠢᠯᠡᠰ ᠢ ᠨᠢᠬᠳᠠᠷᠠᠭᠤᠯᠬᠤ ᠳᠤ ᠭᠦᠨ ᠵᠤᠵᠠᠭᠠᠨ ᠬᠠᠤᠯᠢᠵᠢᠯ ᠤᠨ ᠤᠬᠠᠮᠰᠠᠷ ᠢ ᠪᠤᠢ ᠪᠣᠯᠭᠠᠵᠤ᠂ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠵᠤ᠂ ᠬᠠᠤᠯᠢᠵᠢᠯ ᠤᠨ ᠬᠦᠴᠦᠨ ᠢᠶᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦ ᠨᠡᠮᠡᠷᠢᠯᠡᠵᠦ᠂ ︽ᠦᠨᠳᠦᠰᠦᠲᠡᠨ ᠨᠦᠭᠦᠳ ᠪᠦᠯᠬᠦᠮᠳᠡᠵᠦ ᠨᠢᠭᠡ ᠭᠡᠷ ᠮᠡᠳᠦ ᠲᠤᠳᠤᠨᠤ︾ ᠪᠠᠶᠢᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠯᠠᠪᠳᠠᠭᠤᠨ ᠪᠠᠲᠤᠲᠠᠢ ᠠᠬᠢᠭᠤᠯᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号