7 ᠰᠠᠷ᠎ᠠ ᠶᠢᠨ 26 ᠤ ᠡᠳᠦᠷ ︽ᠠᠵᠠ ᠬᠡᠶᠢᠮᠤᠷᠢᠲᠤ ᠠᠪᠠᠭ᠎ᠠ ᠬᠤᠰᠢᠭᠤ︾ ᠠᠪᠠᠭ᠎ᠠ ᠲᠡᠦᠬᠡ ᠰᠤᠶᠤᠯ ᠤᠨ | ᠴᠤᠪᠤᠷᠠᠯ ᠨᠤᠮ ᠢ ᠨᠠᠶᠢᠷᠠᠭᠤᠯᠤᠨ ᠬᠡᠪᠯᠡᠭᠦᠯᠬᠦ ᠨᠡᠭᠡᠭᠡᠯᠲᠡ ᠶᠢᠨ ᠶᠤᠰᠤᠯᠠᠯ ᠬᠤᠰᠢᠭᠤ ᠨᠠᠮ ᠵᠠᠰᠠᠭ ᠤᠨ ᠠᠯᠪᠠᠨ ᠠᠰᠠᠷ | ᠲᠤ ᠶᠠᠪᠤᠭᠳᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠲᠡᠰ ᠤᠨ ᠳᠠᠷᠤᠭ᠎ᠠ | ᠭᠠᠩᠴᠤᠭᠲᠤ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠠᠷᠢᠭᠤᠨ ᠪᠤᠯᠤᠨ ᠦᠪᠦᠷ ᠮᠤᠩᠭᠤᠯ ᠤᠨ | ᠪᠠᠭᠠᠴᠤᠳ ᠬᠡᠦᠬᠡᠳ ᠤᠨ ᠬᠡᠪᠯᠡᠯ ᠤᠨ ᠬᠤᠷᠢᠶᠠᠨ ᠤ ᠬᠤᠷᠢᠶᠠᠨ ᠳᠠᠷᠤᠭ᠎ᠠ ᠴᠠᠩ ᠰᠦᠸᠧ᠂ ᠶᠡᠷᠦᠩᠭᠡᠢ | ᠨᠠᠶᠢᠷᠠᠭᠤᠯᠤᠭᠴᠢ ᠪᠠᠭᠮᠸᠤᠨ᠂ ᠦᠪᠦᠷ ᠮᠤᠩᠭᠤᠯ ᠤᠨ ᠰᠢᠭᠦᠮᠵᠢᠯᠡᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ | ᠳᠠᠷᠤᠭ᠎ᠠ᠂ ︽ᠠᠯᠲᠠᠨ ᠲᠦᠯᠬᠢᠭᠦᠷ︾ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠰᠤ · ᠡᠷᠳᠡᠨᠢ ᠵᠡᠷᠭᠡ | ᠤᠳᠤᠷᠢᠳᠤᠯᠭ᠎ᠠ᠂ ᠡᠷᠳᠡᠮᠳᠡᠨ ᠪᠠᠭᠰᠢᠨᠠᠷ ᠵᠢᠴᠢ ᠮᠠᠨ ᠤ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ ᠶᠤᠰᠤᠯᠠᠯ ᠳᠤ ᠤᠷᠤᠯᠴᠠᠵᠠᠢ᠃ | ᠶᠤᠰᠤᠯᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠲᠡᠰ ᠤᠨ | ᠳᠠᠷᠤᠭ᠎ᠠ ᠭᠠᠩᠴᠤᠭᠲᠤ ᠠᠴᠠ ᠪᠠᠶᠠᠷ ᠤᠨ ᠦᠭᠡ ᠶᠠᠷᠢᠵᠦ᠂ ᠬᠤᠰᠢᠭᠤ ᠨᠤᠳᠤᠭ ᠤᠨ ᠢᠶᠠᠨ ᠰᠤᠶᠤᠯ ᠤᠷᠠᠯᠢᠭ ᠤᠨ | ᠲᠠᠯ᠎ᠠ ᠪᠠᠷ ᠲᠦᠬᠦᠮ ᠲᠠᠨᠢᠯᠴᠠᠭᠤᠯᠵᠦ᠂ ︽ᠠᠵᠠ ᠬᠡᠶᠢᠮᠤᠷᠢᠲᠤ ᠠᠪᠠᠭ᠎ᠠ ᠬᠤᠰᠢᠭᠤ︾ ᠠᠪᠠᠭ᠎ᠠ ᠲᠡᠦᠬᠡ ᠰᠤᠶᠤᠯ ᠤᠨ | ᠴᠤᠪᠤᠷᠠᠯ ᠨᠤᠮ ᠤᠨ ᠨᠠᠶᠢᠷᠠᠭᠤᠯᠤᠨ ᠬᠡᠪᠯᠡᠭᠦᠯᠬᠦ ᠠᠵᠢᠯ ᠢ ᠲᠤᠰᠤᠨ ᠠᠪᠤᠭᠰᠠᠨ ᠦᠪᠦᠷ ᠮᠤᠩᠭᠤᠯ ᠤᠨ ᠪᠠᠭᠠᠴᠤᠳ | ᠬᠡᠦᠬᠡᠳ ᠤᠨ ᠬᠡᠪᠯᠡᠯ ᠤᠨ ᠬᠤᠷᠢᠶ᠎ᠠ ᠪᠠ ᠨᠠᠶᠢᠷᠠᠭᠤᠯᠤᠭᠴᠢ ᠨᠠᠷ ᠲᠤ ᠪᠠᠶᠠᠷ ᠲᠠᠯᠠᠷᠬᠠᠯ ᠤᠨ ᠰᠡᠳᠬᠢᠯᠭᠡ ᠪᠠᠨ | ᠢᠯᠡᠷᠭᠡᠶᠢᠯᠡᠭᠰᠡᠨ ᠤ ᠬᠠᠮᠳᠦ ᠨᠤᠮ ᠬᠡᠪᠯᠡᠬᠦᠯᠬᠦ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠬᠦ ᠪᠠᠨ ᠢᠯᠡᠷᠭᠡᠶᠢᠯᠡᠪᠠ᠃ | ᠦᠪᠦᠷ ᠮᠤᠩᠭᠤᠯ ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶᠠᠨ ᠤ ᠬᠤᠷᠢᠶᠠᠨ ᠳᠠᠷᠤᠭ᠎ᠠ ᠴᠠᠩ | ᠰᠦᠸᠧ ᠠᠴᠠ ᠴᠤᠪᠤᠷᠠᠯ ᠨᠤᠮ ᠢ ᠬᠡᠪᠯᠡᠬᠦᠯᠬᠦ ᠠᠵᠢᠯ ᠢ ᠬᠦᠯᠢᠶᠡᠨ ᠠᠪᠤᠭᠰᠠᠨ ᠲᠤᠬᠠᠢ ᠪᠠᠨ ᠲᠠᠨᠢᠯᠴᠠᠭᠤᠯᠵᠦ᠂ ᠰᠤ · | ᠡᠷᠳᠡᠨᠢ ᠠᠴᠠ ᠨᠤᠮ ᠨᠠᠶᠢᠷᠠᠭᠤᠯᠤᠨ ᠬᠡᠪᠯᠡᠬᠦᠯᠬᠦ ᠠᠵᠢᠯ ᠤᠨ ᠲᠤᠬᠠᠢ ᠰᠠᠨᠠᠯ ᠵᠦᠪᠯᠡᠯᠭᠡ ᠪᠠᠨ ᠲᠡᠪᠰᠢᠬᠦᠯᠦᠨ᠂ ᠪᠤᠰᠤᠳ | ᠤᠳᠤᠷᠢᠳᠤᠯᠭ᠎ᠠ ᠡᠷᠬᠢᠮ ᠪᠠᠭᠰᠢ ᠨᠠᠷ ᠰᠠᠨᠠᠭ᠎ᠠ ᠪᠤᠳᠤᠯ ᠢᠶᠠᠨ ᠲᠡᠯᠭᠡᠭᠰᠡᠨ ᠪᠠᠶᠢᠨ᠎ᠠ᠃ | ᠤᠶᠢᠯᠠᠭᠠᠭᠰᠠᠨ ᠢᠶᠠᠷ᠂ ︽ᠠᠵᠠ ᠬᠡᠶᠢᠮᠤᠷᠢᠲᠤ ᠠᠪᠠᠭ᠎ᠠ ᠬᠤᠰᠢᠭᠤ︾ ᠠᠪᠠᠭ᠎ᠠ ᠲᠡᠦᠬᠡ ᠰᠤᠶᠤᠯ ᠤᠨ ᠴᠤᠪᠤᠷᠠᠯ | ᠨᠤᠮ ᠢ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠬᠡᠪᠯᠡᠯ ᠬᠤᠷᠢᠶᠠᠨ ᠠᠴᠠ ᠤᠯᠤᠰ ᠤᠨ ᠲᠦᠷᠦᠯ ᠵᠦᠢᠯ ᠤᠨ | ᠮᠦᠩᠭᠦ ᠪᠠᠷ ᠬᠡᠪᠯᠡᠬᠦᠯᠵᠦ ᠦᠭᠬᠦ ᠪᠠᠷ ᠲᠦᠯᠦᠪᠯᠡᠵᠦ᠂ ᠠᠪᠠᠭ᠎ᠠ ᠤᠷᠢᠶᠠᠩᠬᠠᠨ ᠰᠤᠳᠤᠯᠤᠯ᠂ ᠪᠡᠯᠬᠦᠳᠡᠢ ᠰᠤᠳᠤᠯᠤᠯ᠂ | ᠠᠪᠠᠭ᠎ᠠ ᠬᠠᠳᠠᠨ ᠵᠢᠷᠤᠭ᠂ ᠢᠷᠠᠭᠤ ᠨᠠᠶᠢᠷᠠᠭ᠂ ᠠᠪᠠᠭ᠎ᠠ ᠠᠳᠤᠭᠤᠨ ᠰᠤᠶᠤᠯ᠂ ᠲᠤᠭᠤᠵᠢᠰ ᠤᠨ ᠵᠤᠬᠢᠶᠠᠯ ᠵᠡᠷᠭᠡ ᠶᠢ | ᠬᠠᠮᠤᠷᠤᠭᠰᠠᠨ 22 ᠪᠤᠲᠢ ᠨᠤᠮ ᠢ ᠪᠠᠭᠳᠠᠭᠠᠬᠤ ᠪᠤᠯᠤᠨ᠎ᠠ᠃ ᠦᠪᠦᠷ ᠮᠤᠩᠭᠤᠯ ᠤᠨ ᠰᠢᠭᠦᠮᠵᠢᠯᠡᠭᠴᠢᠳ ᠤᠨ | ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ︽ᠠᠯᠲᠠᠨ ᠲᠦᠯᠬᠢᠭᠦᠷ︾ ᠰᠡᠳᠬᠦᠯ ᠤᠨ ᠶᠡᠷᠦᠩᠬᠡᠢ | ᠨᠠᠶᠢᠷᠠᠭᠤᠯᠤᠭᠴᠢ ᠰᠤ · ᠡᠷᠳᠡᠨᠢ᠂ ᠠᠪᠠᠭ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠲᠡᠳ᠋ | ᠲᠡᠷᠢᠭᠦᠯᠡᠭᠴᠢ᠂ ᠰᠤᠯᠤᠩᠭ᠎ᠠ ᠱᠠᠩᠨᠠᠯᠲᠤ ᠢᠷᠠᠭᠤ ᠨᠠᠶᠢᠷᠠᠭᠴᠢ ᠵᠤ · ᠬᠠᠰᠠᠭᠤᠯᠠ ᠶᠡᠷᠦᠩᠭᠡᠢ ᠨᠠᠶᠢᠷᠠᠭᠤᠯᠤᠭᠴᠢ ᠪᠠᠷ | ᠠᠵᠢᠯᠯᠠᠵᠤ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠨᠡᠷᠡᠲᠦ ᠨᠠᠶᠢᠷᠠᠭᠤᠯᠤᠭᠴᠢ᠂ ᠠᠯᠳᠠᠷᠲᠤ | ᠢᠷᠠᠭᠤ ᠨᠠᠶᠢᠷᠠᠭᠴᠢ ᠲ᠊ · ᠰᠡᠴᠡᠨ᠂ ᠲᠦᠩᠯᠢᠶᠤᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ | ᠪᠠᠶᠢᠩᠭᠤ ᠶᠢᠨ ᠳᠡᠳ᠋ ᠲᠡᠷᠢᠬᠦᠯᠡᠭᠴᠢ᠂ ︽ᠵᠢᠷᠢᠮ ᠤᠨ ᠤᠷᠠᠨ ᠵᠤᠬᠢᠶᠠᠯ︾ ᠰᠡᠳᠬᠦᠯ ᠤᠨ ᠤᠤᠯ ᠤᠨ ᠶᠡᠷᠦᠩᠬᠡᠢ | ᠨᠠᠶᠢᠷᠠᠭᠤᠯᠤᠭᠴᠢ᠂ ᠠᠯᠳᠠᠷᠲᠤ ᠵᠤᠬᠢᠶᠠᠯᠴᠢ ᠭᠡᠷᠡᠯᠲᠦ᠂ ︽ᠬᠤᠨ ᠭᠠᠯᠠᠭᠤ︾ ᠰᠡᠳᠬᠦᠯ ᠤᠨ ᠤᠤᠯ ᠤᠨ ᠶᠡᠷᠦᠩᠬᠡᠢ | ᠨᠠᠶᠢᠷᠠᠭᠤᠯᠤᠭᠴᠢ᠂ ᠠᠯᠳᠠᠷᠲᠤ ᠢᠷᠠᠭᠤ ᠨᠠᠶᠢᠷᠠᠭᠴᠢ ᠬᠢᠴᠢᠶᠡᠯᠲᠦ ᠨᠠᠷ ᠢ ᠬᠢᠨᠠᠨ ᠨᠠᠶᠢᠷᠠᠭᠤᠯᠬᠤ ᠳᠤ ᠤᠨᠴᠠᠭᠠᠶᠢᠯᠠᠨ | ᠤᠷᠢᠵᠠᠢ᠃ | ᠡᠨᠡᠬᠦ ᠴᠤᠪᠤᠷᠠᠯ ᠨᠤᠮ ᠨᠢ 2026 ᠤᠨ ᠤ 12 ᠰᠠᠷ᠎ᠠ ᠶᠢᠨ 30 ᠤ ᠡᠳᠦᠷ ᠠᠴᠠ ᠡᠮᠦᠨ᠎ᠡ ᠦᠪᠦᠷ ᠮᠤᠩᠭᠤᠯ | ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶᠠᠨ ᠳᠤ ᠬᠡᠪᠯᠡᠭᠳᠡᠨ᠂ ᠲᠦᠮᠡᠨ ᠤ ᠠᠯᠠᠭᠠᠨ ᠳᠤ ᠳᠡᠯᠭᠡᠭᠳᠡᠬᠦ | ᠪᠤᠯᠤᠨ᠎ᠠ᠃ |