ᠨᠠᠷᠠᠨᠪᠤᠯᠠᠭ ᠰᠤᠮᠤᠨ ᠤ ᠮᠠᠯ ᠤᠨ ᠠᠷᠠᠯᠵᠢᠶᠠᠨ ᠤ ᠵᠠᠬ᠎ᠠ ᠨᠢ 4 ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ | ᠨᠠᠰᠢ ᠵᠠᠬ᠎ᠠ ᠳᠡᠯᠭᠡᠭᠦᠷ ᠤᠨ ᠪᠦᠷᠬᠦᠴᠡ ᠶᠢ ᠥᠷᠭᠡᠳᠬᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ | ᠲᠡᠭᠡᠭᠰᠢᠯᠡᠬᠦᠯᠦᠨ᠂ ᠤᠳᠤᠬᠠᠨ ᠪᠣᠯᠲᠠᠯ᠎ᠠ᠂ ᠮᠠᠯ ᠤᠨ ᠠᠷᠠᠯᠵᠢᠶᠠᠨ ᠤ ᠵᠠᠬ᠎ᠠ ᠳᠤ 400 ᠭᠠᠷᠤᠶ ᠪᠣᠳᠠ ᠮᠠᠯ᠂ 200 | ᠭᠠᠷᠤᠶ ᠪᠣᠭ ᠮᠠᠯ ᠤᠨ ᠠᠷᠠᠯᠵᠢᠶ᠎ᠠ ᠪᠦᠳᠦᠵᠦ᠂ ᠡᠵᠡᠩᠨᠡᠯᠲᠡ ᠬᠦᠭᠵᠢᠶᠠᠨᠳᠠᠢ ᠪᠠᠶᠢᠨ᠎ᠠ᠃ | ᠮᠠᠯ ᠤᠨ ᠠᠷᠠᠯᠵᠢᠶᠠᠨ ᠤ ᠵᠠᠬ᠎ᠠ ᠡᠵᠡᠩᠨᠡᠯᠳᠡ ᠪᠠᠨ ᠡᠬᠢᠯᠡᠬᠦᠯᠦᠭᠰᠡᠨ ᠠᠴᠠ ᠨᠠᠰᠢ᠂ ᠨᠠᠷᠠᠨᠪᠤᠯᠠᠭ ᠰᠤᠮᠤ ᠨᠢ ᠮᠠᠯ | ᠤᠨ ᠠᠷᠠᠯᠵᠢᠶᠠᠨ ᠤ ᠵᠠᠬ᠎ᠠ ᠶᠢᠨ ᠬᠠᠷᠢᠭᠤᠴᠠᠯᠭᠠᠲᠠᠨ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ ᠢ ᠣᠯᠠᠨ | ᠤᠳᠠᠭ᠎ᠠ ᠵᠣᠬᠢᠶᠠᠨ ᠪᠠᠶᠢᠭᠤᠯᠵᠤ᠂ ᠰᠢᠯᠢ ᠶᠢᠨ ᠬᠤᠳᠠ᠂ ᠠᠪᠠᠭ᠎ᠠ ᠬᠤᠰᠢᠭᠤᠨ ᠤ ᠮᠠᠯ ᠤᠨ ᠠᠷᠠᠯᠵᠢᠶᠠᠨ ᠤ ᠵᠠᠬ᠎ᠠ ᠪᠠᠷ | ᠲᠤᠭᠤᠷᠢᠨ ᠰᠤᠷᠤᠯᠴᠠᠵᠦ ᠲᠤᠷᠰᠢᠯᠭ᠎ᠠ ᠰᠤᠯᠢᠯᠴᠠᠪᠠ᠃ ᠡᠶᠢᠨᠬᠦ ᠮᠠᠯ ᠤᠨ ᠠᠷᠠᠯᠵᠢᠶᠠᠨ ᠤ ᠵᠠᠬ᠎ᠠ ᠶᠢᠨ ᠦᠨ᠎ᠡ ᠬᠠᠩᠰᠢ | ᠶᠢᠨ ᠪᠠᠶᠢᠳᠠᠯ᠂ ᠡᠵᠡᠩᠨᠡᠯᠲᠡ ᠶᠢᠨ ᠠᠷᠭ᠎ᠠ ᠬᠡᠯᠪᠡᠷᠢ ᠵᠡᠷᠭᠡ ᠲᠡᠷᠢᠭᠦᠨ ᠤ ᠲᠤᠷᠰᠢᠯᠭ᠎ᠠ ᠶᠢ ᠣᠶᠢᠯᠠᠭᠠᠵᠤ᠂ ᠰᠣᠷᠣᠭᠰᠠᠨ | ᠲᠡᠷᠢᠭᠦᠨ ᠤ ᠲᠤᠷᠰᠢᠯᠭ᠎ᠠ ᠪᠣᠯᠤᠨ ᠰᠤᠮᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠯ ᠤᠨ | ᠠᠷᠠᠯᠵᠢᠶᠠᠨ ᠤ ᠵᠠᠬ᠎ᠠ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠠᠷᠠᠯᠵᠢᠶᠠᠨ ᠤ ᠡᠮᠬᠢ | ᠳᠢᠭᠯᠢᠮ ᠢ ᠲᠦᠷᠢᠮᠵᠢᠬᠦᠯᠦᠨ᠂ ᠬᠥᠮᠦᠨ ᠮᠠᠯ ᠤᠨ ᠠᠮᠤᠷ ᠲᠦᠪᠰᠢᠨ ᠢ ᠪᠠᠲᠤᠯᠠᠵᠤ᠂ ᠦᠨᠡᠨᠴᠢ ᠢᠲᠡᠭᠡᠮᠵᠢᠲᠡᠶ ᠪᠠᠷ | ᠡᠵᠡᠩᠨᠡᠵᠦ᠂ ᠮᠠᠯᠴᠢᠨ ᠲᠦᠮᠡᠨ ᠳᠤ ᠲᠥᠪᠯᠡᠷᠡᠭᠰᠡᠨ᠂ ᠲᠦᠷᠢᠮᠵᠢᠭᠰᠡᠨ ᠮᠠᠯ ᠤᠨ ᠠᠷᠠᠯᠵᠢᠶᠠᠨ ᠤ ᠵᠠᠬ᠎ᠠ ᠶᠢ ᠬᠠᠩᠭᠠᠨ | ᠥᠭᠴᠦ᠂ ᠬᠠᠮᠤᠭ ᠤᠨ ᠶᠡᠭᠡ ᠦᠷ᠎ᠡ ᠪᠦᠲᠦᠮᠵᠢ ᠪᠠᠷ ᠮᠠᠯᠴᠢᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ | ᠪᠠᠷ ᠴᠢᠷᠮᠠᠶᠢᠵᠦ ᠢᠷᠠᠵᠠᠢ᠃ | ᠨᠠᠷᠠᠨᠪᠤᠯᠠᠭ ᠰᠤᠮᠤ ᠨᠢ ᠦᠷᠬᠦᠯᠵᠢᠯᠡᠨ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ︾ ᠵᠠᠷᠴᠢᠮ ᠢᠶᠠᠷ ᠮᠠᠯ ᠤᠨ ᠠᠷᠠᠯᠵᠢᠶᠠᠨ ᠤ ᠵᠠᠬ᠎ᠠ ᠶᠢᠨ ᠪᠠᠶᠢᠭᠤᠯᠤᠯᠲᠠ ᠶᠢᠨ | ᠲᠦᠷᠢᠮᠵᠢᠬᠦᠯᠦᠯᠳᠡ ᠶᠢ ᠠᠬᠢᠭᠤᠯᠵᠤ᠂ ᠮᠠᠯᠴᠢᠨ ᠲᠦᠮᠡᠨ ᠪᠣᠯᠤᠨ ᠠᠷᠠᠯᠵᠢᠶᠠᠴᠢᠨ ᠳᠤ ᠨᠡᠩ ᠰᠠᠶᠢᠨ | ᠤᠢᠢᠯᠠᠭᠠᠭᠤᠯᠵᠤ᠂ ᠦᠬᠡᠷ ᠮᠠᠯᠵᠢᠬᠤ ᠳᠤ ᠵᠠᠬ᠎ᠠ ᠳᠡᠯᠭᠡᠭᠦᠷ ᠲᠠᠢ᠂ ᠦᠬᠡᠷ ᠬᠤᠳᠠᠯᠳᠤᠬᠤ ᠳᠤ ᠭᠠᠷᠬᠤ ᠵᠠᠮ ᠲᠠᠢ | ᠪᠠᠶᠢᠬᠤ ᠶᠢ ᠪᠠᠲᠤᠯᠠᠵᠤ᠂ ᠮᠠᠯ ᠤᠨ ᠵᠠᠷᠤᠴᠠᠭᠤᠯᠤᠯᠳᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠶᠢᠨ ᠬᠠᠮᠲᠤ᠂ ᠲᠡᠷᠢᠭᠦᠨ ᠤ ᠪᠥᠭᠡᠳ ᠪᠣᠯᠪᠠᠰᠤᠷᠠᠩᠭᠤᠶ ᠵᠠᠬ᠎ᠠ ᠳᠡᠯᠭᠡᠭᠦᠷ ᠤᠨ ᠲᠤᠷᠰᠢᠯᠭ᠎ᠠ ᠶᠢ ᠣᠯᠠᠨ | ᠲᠠᠯ᠎ᠠ ᠠᠴᠠ᠂ ᠭᠦᠨ ᠲᠠᠰ ᠳᠠᠪᠬᠤᠷᠭ᠎ᠠ ᠠᠴᠠ ᠰᠤᠷᠤᠯᠴᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ | ᠠᠰᠢᠭᠯᠠᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠤᠰ ᠠᠮᠵᠢᠯᠲᠠ ᠳᠤ ᠬᠦᠷᠬᠦ ᠶᠢ ᠴᠢᠷᠮᠠᠶᠢᠨ | ᠪᠠᠶᠠᠯᠡᠬᠦᠯᠬᠦ ᠪᠠᠷ ᠵᠢᠳᠬᠦᠵᠦ ᠪᠠᠶᠢᠨ᠎ᠠ᠃ | |