ᠠᠪᠠᠭ᠎ᠠ ᠬᠤᠰᠢᠭᠤᠨ ᠤ ᠯᠦᠩ ᠰᠢᠩ ᠠᠭᠤᠷᠬᠠᠢ ᠶᠢᠨ ᠦᠢᠯᠡᠰ ᠠᠴᠠ 314 ᠰᠢᠶᠠᠩ ᠤᠨ ᠵᠠᠮ ᠬᠦᠷᠬᠦ ᠬᠡᠰᠡᠭ ᠤᠨ ᠲᠤᠰᠣᠨ ᠵᠠᠮ ᠤᠨ ᠪᠦᠬᠦ ᠱᠤᠭᠤᠮ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/7/8
     6 ᠰᠠᠷ᠎ᠠ ᠶᠢᠨ 27 ᠤ ᠡᠳᠦᠷ᠂ ᠠᠪᠠᠭ᠎ᠠ ᠬᠤᠰᠢᠭᠤᠨ ᠤ ᠯᠦᠩ ᠰᠢᠩ ᠠᠭᠤᠷᠬᠠᠶ ᠶᠢᠨ ᠦᠢᠯᠡᠰ ᠠᠴᠠ 314 ᠰᠢᠶᠠᠩ ᠤᠨ ᠵᠠᠮ ᠬᠦᠷᠬᠦ ᠬᠡᠰᠡᠭ ᠤᠨ ᠲᠤᠰᠤᠨ ᠵᠠᠮ ᠤᠨ ᠭᠠᠳᠠᠷᠭᠤ ᠶᠢ ᠪᠥᠬᠦ ᠱᠤᠭᠤᠮ ᠢᠶᠠᠷ ᠨᠡᠪᠲᠡᠷᠡᠭᠦᠯᠵᠦ᠂ ᠪᠠᠷᠢᠯᠭ᠎ᠠ ᠶᠢᠨ ᠠᠵᠢᠯ ᠤᠷᠤᠭᠰᠢᠲᠠᠶ ᠳᠠᠭᠤᠰᠬᠤ ᠳᠤ ᠪᠠᠲᠤ ᠪᠠᠬᠢ ᠨᠢᠭᠡ ᠠᠯᠬᠤᠮ ᠢ ᠠᠯᠬᠤᠪᠠ᠃ ᠯᠦᠩ ᠰᠢᠩ ᠠᠭᠤᠷᠬᠠᠢ ᠶᠢᠨ ᠦᠢᠯᠡᠰ ᠠᠴᠠ 314 ᠰᠢᠶᠠᠩ ᠤᠨ ᠵᠠᠮ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ︵ᠵᠡᠭᠦᠨ ᠠᠶᠢᠷᠠᠭ ᠠᠴᠠ ᠦᠯᠵᠡᠶᠢᠪᠢᠯᠢᠭᠲᠦ ᠬᠦᠷᠬᠦ ᠬᠡᠰᠡᠭ︶ ᠤᠨ ᠪᠥᠬᠦ ᠤᠷᠲᠤ ᠨᠢ 13.24 ᠺᠢᠯᠤᠮᠧᠲᠷ ᠪᠠᠶᠢᠵᠦ᠂ ᠠᠪᠠᠭ᠎ᠠ ᠬᠤᠰᠢᠭᠤᠨ ᠤ ᠪᠠᠶᠠᠨᠲᠤᠭ ᠰᠤᠮᠤ ᠶᠢᠨ ᠦᠯᠵᠡᠶᠢᠪᠢᠯᠢᠭᠲᠦ ᠭᠠᠴᠠᠭᠠᠨ ᠳᠤ ᠪᠠᠶᠢᠷᠢᠯᠠᠨ᠂ ᠶᠡᠷᠦᠩᠬᠡᠶ ᠪᠠᠯᠠ ᠣᠷᠣᠭᠤᠯᠤᠯᠲᠠ ᠨᠢ 4145 ᠲᠦᠮᠡᠨ ᠲᠥᠭᠦᠷᠢᠭ ᠲᠤ ᠬᠦᠷᠴᠦ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠵᠦ᠂ ᠲᠥᠯᠥᠪᠯᠡᠭᠰᠡᠨ ᠲᠡᠷᠭᠡ ᠶᠠᠪᠤᠬᠤ ᠬᠤᠷᠳᠤᠴᠠ ᠨᠢ 30 ᠺᠢᠯᠤᠮᠧᠲᠷ / ᠴᠠᠭ᠂ ᠵᠠᠮ ᠤᠨ ᠰᠠᠭᠤᠷᠢ ᠶᠢᠨ ᠥᠷᠭᠡᠨ ᠨᠢ 7.5 ᠮᠧᠲᠷ᠂ ᠵᠠᠮ ᠤᠨ ᠭᠠᠳᠠᠷᠭᠤ ᠶᠢᠨ ᠥᠷᠭᠡᠨ ᠨᠢ 6.5 ᠮᠧᠲᠷ᠂ ᠵᠠᠮ ᠤᠨ ᠭᠠᠳᠠᠷᠭᠤ ᠶᠢᠨ ᠲᠥᠷᠥᠯ ᠨᠢ ᠲᠤᠰᠤᠨ ᠵᠠᠮ ᠪᠣᠯᠤᠨ᠎ᠠ᠃ ᠲᠤᠰ ᠲᠥᠷᠥᠯ ᠤᠨ ᠪᠦᠲᠦᠭᠡᠨ ᠪᠠᠶᠢᠭᠤᠯᠤᠯᠲᠠ ᠨᠢ ᠵᠠᠮ ᠳᠠᠭᠠᠤ ᠶᠢᠨ ᠡᠬᠢ ᠪᠠᠶᠠᠯᠢᠭ ᠤᠨ ᠨᠡᠭᠡᠭᠡᠯᠲᠡ ᠶᠢ ᠪᠦᠲᠦᠮᠵᠢᠲᠡᠶ ᠠᠬᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠂ ᠮᠠᠯᠵᠢᠬᠤ ᠣᠷᠣᠨ ᠤ ᠮᠡᠳᠡᠭᠡ ᠵᠠᠩᠭᠢ ᠪᠣᠯᠤᠨ ᠲᠠᠸᠠᠷ ᠤᠨ ᠭᠦᠢᠯᠭᠡᠭᠡᠨ ᠢ ᠰᠠᠭᠠᠳ ᠦᠭᠡᠶ ᠨᠡᠪᠲᠡᠷᠡᠭᠦᠯᠬᠦ ᠪᠣᠯᠤᠨ᠎ᠠ᠃ ᠲᠣᠰ ᠤᠳᠠᠭ᠎ᠠ ᠲᠤᠰᠤᠨ ᠪᠥᠬᠦ ᠱᠤᠭᠤᠮ ᠢᠶᠠᠷ ᠨᠡᠪᠲᠡᠷᠡᠵᠦ᠂ ᠯᠦᠩ ᠰᠢᠩ ᠠᠭᠤᠷᠬᠠᠶ ᠶᠢᠨ ᠦᠢᠯᠡᠰ ᠠᠴᠠ 314 ᠰᠢᠶᠠᠩ ᠤᠨ ᠵᠠᠮ ᠬᠦᠷᠬᠦ ᠭᠡᠰᠡᠭ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠴᠢᠬᠤᠯᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠠᠶᠢᠨ᠎ᠠ᠃ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠲᠡᠷᠭᠡ ᠨᠡᠪᠲᠡᠷᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号