ᠠᠪᠠᠭ᠎ᠠ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 5 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
   6 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠰᠢᠭᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 5 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠡᠷᠢᠭᠦᠯᠡᠭᠴᠢ ᠸᠠᠩ ᠯᠢ ᠰᠢᠶᠠ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠬᠥᠬᠡᠨᠠᠭᠤᠷ᠂ ᠨᠢᠩᠰᠢᠶᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠭᠤᠤᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠠᠬᠢᠭᠤᠯᠵᠤ᠂ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠬᠡᠪ ᠴᠢᠨᠠᠷ ᠬᠦᠴᠦᠨ ᠢ ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡ ᠲᠠᠢ ᠬᠠᠮᠲᠤᠷᠠᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ᠴᠤᠭᠯᠠᠷᠠᠯ ᠢᠶᠠᠷ ᠮᠡᠳᠡᠭᠡ ᠵᠠᠩᠭᠢ᠂ ᠮᠡᠷᠭᠡᠵᠢᠯ᠂ ᠪᠠᠯᠠ ᠮᠥᠩᠭᠦ ᠶᠢᠨ ᠰᠢᠯᠵᠢᠯᠲᠡ ᠶᠢ ᠳᠠᠶᠢᠴᠢᠯᠠᠵᠤ᠂ ᠮᠠᠨ ᠤ ᠬᠤᠰᠢᠭᠤᠨ ᠤ ᠠᠵᠤ ᠦᠢᠯᠡᠰ ᠤᠨ ᠬᠡᠯᠬᠢᠶ᠎ᠡ᠂ ᠪᠠᠯᠠ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠬᠥᠬᠢᠭᠦᠯᠬᠦ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠠᠮᠢᠳᠤᠯᠢᠭ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠦᠨᠡᠡᠬᠦ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ︽ᠰᠠᠭᠠᠳ ᠦᠭᠡᠢ ᠨᠡᠪᠲᠡᠷᠡᠬᠦ ᠵᠠᠮ︾᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠮᠥᠩᠭᠦᠨ ᠭᠦᠢᠯᠭᠡᠭᠡ ᠵᠡᠷᠭᠡ ᠦᠢᠯᠡᠴᠢᠯᠡᠭᠡ ᠶᠢ ᠨᠡᠪᠲᠡᠷᠡᠭᠦᠯᠵᠦ᠂ ᠡᠯ᠎ᠡ ᠱᠠᠲᠤᠨ ᠤ ᠺᠠᠳ᠋ᠷ ᠤᠯᠠᠨ ᠲᠦᠮᠡᠨ ᠤ ᠦᠵᠡᠯ ᠰᠠᠨᠠᠭᠠᠨ ᠤ ᠵᠢᠯᠤᠭᠤᠳᠤᠯᠭ᠎ᠠ ᠶᠢ ᠰᠠᠶᠢᠲᠤᠷ ᠬᠢᠵᠦ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯᠡᠰᠦ ᠶᠢ ᠰᠡᠷᠭᠡᠶᠢᠯᠡᠨ ᠵᠠᠰᠠᠬᠤ ᠶᠡᠷᠦᠩᠬᠡᠶ ᠲᠥᠯᠥᠪᠵᠢᠭᠦᠯᠭᠡ ᠪᠠ ᠪᠠᠷᠢᠯᠭ᠎ᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠰᠡᠳᠬᠢᠮᠵᠢ ᠶᠢ ᠬᠤᠪᠢᠷᠠᠭᠤᠯᠬᠤ ᠶᠢ ᠬᠤᠶᠢᠰᠢᠳᠠ ᠶᠢᠨ ᠮᠠᠯ ᠠᠵᠤ ᠠᠬᠤᠶ ᠶᠢᠨ ᠠᠵᠢᠯ ᠤᠨ ᠭᠤᠤᠯᠳᠠᠯᠭ᠎ᠠ ᠪᠣᠯᠭᠠᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠮᠠᠨ ᠤ ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 2023 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠰᠢᠭᠤ ᠱᠠᠲᠤᠨ ᠤ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠲᠤᠷᠰᠢᠯᠲᠠ ᠶᠢᠨ ᠠᠵᠢᠯ ᠤᠨ ᠲᠥᠰᠦᠯ︾᠂ ︽ᠠᠪᠠᠭ᠎ᠠ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ︾᠂ ︽ᠠᠪᠠᠭ᠎ᠠ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠠᠵᠢᠯ ᠤᠨ ᠲᠦᠷᠢᠮ︾᠂ ︽ᠠᠪᠠᠭ᠎ᠠ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ︾ ᠢ ᠬᠢᠨᠠᠨ ᠵᠥᠪᠯᠡᠪᠡ᠃    ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠥᠬᠦ ᠬᠤᠰᠢᠭᠤᠨ ᠤ ︽ᠬᠤᠶᠠᠷ ᠰᠢᠯᠢᠳᠡᠭ ᠨᠢᠭᠡ ᠲᠡᠷᠢᠭᠦᠨ︾ ᠤ ᠨᠡᠷᠡᠰ᠂ 2023 ᠣᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠬᠢᠨᠠᠨ ᠰᠢᠯᠭᠠᠭᠰᠠᠨ ᠦᠷ᠎ᠡ ᠳ᠋ᠦᠩ ᠢ ᠬᠢᠨᠡᠨ ᠲᠤᠭᠳᠠᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号