ᠠᠪᠠᠭ᠎ᠠ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ︽ᠰᠢᠯᠢ ᠶᠢᠨ ᠠᠬᠠᠮᠠᠳ ᠴᠡᠷᠢᠭ ᠤᠨ ᠭᠠᠴᠠᠭ᠎ᠠ ᠲᠣᠰᠬᠤᠨ︾ ᠳᠤ ᠬᠦᠷᠴᠦ ︽ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ᠂ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
   6 ᠰᠠᠷ᠎ᠠ ᠶᠢᠨ 27 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠪᠠᠶᠠᠨᠲᠤᠭ ᠰᠤᠮᠤ ᠵᠡᠷᠭᠡ ᠰᠠᠯᠠᠭ᠎ᠠ ᠮᠥᠴᠢᠷ ᠬᠠᠮᠲᠤ ᠪᠠᠷ ︽ᠠᠬᠠᠮᠠᠳ ᠴᠡᠷᠢᠭ ᠤᠨ ᠭᠠᠴᠠᠭ᠎ᠠ ᠲᠣᠰᠬᠤᠨ︾ ᠳᠤ ᠭᠦᠨᠵᠡᠭᠡᠶᠢᠷᠡᠵᠦ᠂ ︽ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ᠂ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ︾ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃    ᠠᠵᠢᠯᠯᠠᠭ᠎ᠠ ᠡᠬᠢᠯᠡᠵᠦ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠣᠯᠠᠨ ᠢᠶᠠᠷ ᠢᠶᠠᠨ ᠤᠯᠤᠰ ᠤᠨ ᠲᠤᠭ ᠳᠤ ᠬᠦᠡᠳᠤᠳᠬᠡᠨ ᠶᠣᠰᠣᠯᠠᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠪᠠ᠃ ᠳᠠᠷᠠᠭ᠎ᠠ ᠳᠤᠨᠢ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠳᠠᠭᠠᠭᠤᠯᠭ᠎ᠠ ᠳᠣᠣᠷ᠎ᠠ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠵᠦ᠂ ᠬᠠᠮᠲᠤ ᠪᠠᠷ ᠰᠢᠯᠢ ᠶᠢᠨ ᠠᠬᠠᠮᠠᠳ ᠴᠡᠷᠢᠭ ᠤᠨ ᠭᠠᠴᠠᠭ᠎ᠠ ᠲᠣᠰᠬᠤᠨ ᠤ ᠨᠠᠮ ᠤᠨ ᠡᠭᠦᠷ ᠢ ᠲᠣᠭᠤᠷᠢᠨ ᠦᠵᠡᠵᠦ᠂ ᠮᠠᠤ ᠲᠡᠷᠢᠭᠦᠯᠡᠭᠴᠢ ᠶᠢᠨ ᠬᠦᠷᠦᠭ ᠲᠤ ᠴᠡᠴᠡᠭᠲᠦ ᠰᠠᠭᠰᠤ ᠪᠠ ᠬᠠᠳᠠᠭ ᠡᠷᠭᠦᠵᠦ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠬᠤᠪᠢᠰᠬᠠᠯ ᠤᠨ ᠦᠯᠢᠭᠡᠷ ᠢ ᠶᠠᠷᠢᠬᠤ ᠶᠢ ᠰᠣᠨᠣᠰᠴᠤ᠂ ᠪᠠᠶᠢᠭᠤᠯᠭ᠎ᠠ ᠶᠢᠨ ᠺᠠᠳ᠋ᠷ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠴᠢᠩ ᠦᠨᠡᠨᠴᠢ ᠬᠠᠶᠢᠷ᠎ᠠ ᠰᠡᠳᠬᠢᠯᠭᠡ ᠪᠣᠯᠤᠨ ᠬᠢᠯᠢ ᠬᠢᠵᠠᠭᠠᠷ ᠲᠤ ᠦᠨᠳᠦᠰᠦᠯᠡᠭᠰᠡᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠪᠠ᠃    ᠬᠦᠳᠡᠯᠬᠡᠬᠡᠨ ᠢᠶᠠᠷ ᠲᠠᠮᠵᠢᠨ᠂ ᠨᠠᠮ ᠤᠨ ᠭᠡᠰᠢᠭᠦᠨ ᠺᠠᠳ᠋ᠷ ᠠᠵᠢᠯᠳᠠᠨ ᠤ ᠤᠯᠤᠰ ᠢᠶᠠᠨ ᠬᠠᠶᠢᠷᠠᠯᠠᠬᠤ ᠰᠡᠳᠬᠢᠯ ᠪᠣᠯᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠭᠵᠢᠭᠡᠵᠦ᠂ ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠲᠡᠮᠡᠴᠡᠯ ᠤᠨ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠪᠠ᠃    ᠬᠠᠮᠤᠭ ᠰᠡᠭᠦᠯ ᠳᠤ ᠪᠠᠰᠠ ᠲᠤᠬᠠᠶ ᠶᠢᠨ ᠭᠠᠵᠠᠷ ᠤᠨ ᠮᠠᠯᠴᠢᠨ ᠲᠦᠮᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠡᠶ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠬᠦᠰᠡᠯᠡᠩ ᠢᠲᠡᠭᠡᠯ ᠪᠢᠰᠢᠷᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠬᠤᠪᠢᠰᠬᠠᠯ ᠤᠨ ᠠᠮᠢᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠶᠠᠪᠤᠴᠠ ᠳᠤ᠂ ᠨᠠᠩ ᠴᠢᠩᠭ᠎ᠠ ᠲᠡᠦᠬᠡ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠬᠤᠶᠠᠷ ᠢ ᠬᠦᠷᠢᠶᠡᠯᠡᠬᠦ ᠵᠡᠷᠭᠡ ᠠᠵᠢᠯ ᠳᠤ ᠣᠷᠣᠯᠴᠠᠵᠤ᠂ ᠨᠠᠩ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠠᠵᠢᠯ ᠤᠨ ᠰᠤᠷᠲᠠᠯ ᠢᠶᠠᠷ ᠠᠪᠠᠭ᠎ᠠ ᠬᠤᠰᠢᠭᠤᠨ ᠤ ᠡᠯ᠎ᠡ ᠵᠦᠢᠯ ᠤᠨ ᠠᠵᠢᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠳᠤ ᠢᠳᠡᠪᠬᠢᠳᠡᠢ ᠠᠬᠢᠭᠤᠯᠬᠤ ᠦᠢᠯᠡᠳᠤᠯ ᠦᠵᠡᠬᠦᠯᠬᠦ ᠨᠢ ᠭᠠᠷᠴᠠᠭ᠎ᠠ ᠦᠬᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号