7 ᠰᠠᠷ᠎ᠠ ᠶᠢᠨ 1 ᠤ ᠡᠳᠦᠷ᠂ ᠪᠦᠬᠦ ᠠᠶᠢᠮᠠᠭ ᠤᠨ ᠰᠤᠳᠤᠷ ᠪᠢᠴᠢᠭ ᠤᠨ ᠲᠤᠬᠠᠶᠢᠯᠠᠭᠰᠠᠨ ᠠᠵᠢᠯ ᠵᠢᠴᠢ ︽ | ᠵᠠᠩᠭᠠᠷ︾ ᠤᠨ ᠦᠪᠯᠡᠨ ᠤᠯᠠᠮᠵᠢᠯᠠᠭᠴᠢ ᠶᠢᠨ ᠪᠣᠯᠪᠠᠰᠤᠷᠠᠯ ᠠᠪᠠᠭ᠎ᠠ ᠬᠤᠰᠢᠭᠤᠨ ᠤ ᠠᠵᠢᠯ ᠮᠡᠷᠭᠡᠵᠢᠯ ᠤᠨ | ᠶᠡᠷᠦᠩᠭᠡᠶᠢᠯᠡᠭᠰᠡᠨ ᠦᠢᠯᠡᠴᠢᠯᠡᠭᠡᠨ ᠤ ᠲᠦᠪ ᠲᠤ ᠡᠬᠢᠯᠡᠪᠡ᠃ ᠲᠤᠰ ᠤᠳᠠᠭᠠᠨ ᠤ ᠪᠣᠯᠪᠠᠰᠤᠷᠠᠯ ᠨᠢ ᠶᠡᠷᠦᠩᠬᠡᠢ ᠱᠦᠵᠢ | ᠱᠢ ᠶᠢᠨ ᠫᠢᠩ ᠤᠨ ︽ᠭᠤᠷᠪᠠᠨ ᠶᠡᠭᠡ ᠲᠤᠤᠯᠢ︾ ᠶᠢᠨ ᠲᠤᠬᠠᠢ ᠴᠢᠬᠤᠯᠠ ᠦᠭᠦᠯᠡᠯᠲᠡ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ | ᠠᠭᠤᠰᠤᠯᠴᠠᠭ᠎ᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠦ ᠴᠤᠭᠴᠠᠯᠠᠵᠦ᠂ ︽ᠵᠠᠩᠭᠠᠷ︾ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠤᠯ ᠤᠨ ᠤᠯᠠᠮᠵᠢᠯᠠᠯ | ᠪᠣᠯᠤᠨ ᠬᠠᠮᠠᠭᠠᠯᠠᠯᠲᠠ ᠶᠢ ᠳᠠᠰᠤᠷᠠᠯᠲᠠ ᠦᠭᠡᠢ ᠲᠦᠯᠬᠢᠨ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ | ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠷᠪᠤᠯᠵᠢ ᠪᠢᠴᠢᠭ ᠴᠤᠭᠯᠠᠭᠤᠯᠬᠤ | ᠰᠤᠳᠤᠯᠭᠠᠨ ᠤ ᠲᠠᠰᠤᠭ ᠤᠨ ᠳᠡᠳ᠋ ᠡᠷᠬᠢᠯᠡᠭᠴᠢ ᠴᠡᠪᠡᠷ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠭᠤᠷᠪᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ᠂ ᠳᠡᠳ᠋ ᠡᠷᠬᠢᠯᠡᠭᠴᠢ ᠬᠠᠢ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠣ ᠽᠢ ᠨᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠴᠧᠩ ᠬᠤᠸᠠ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠸᠠᠨ ᠶᠢᠨ ᠨᠠᠷ ᠪᠤᠯᠪᠠᠰᠤᠷᠠᠯ ᠤᠨ ᠠᠩᠬᠢ ᠡᠬᠢᠯᠡᠬᠦ | ᠶᠣᠰᠣᠯᠠᠯ ᠳᠤ ᠣᠷᠣᠯᠴᠠᠪᠠ᠃ | ᠶᠣᠰᠣᠯᠠᠯ ᠳᠤ᠂ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠷᠪᠤᠯᠵᠢ ᠪᠢᠴᠢᠭ | ᠴᠤᠭᠯᠠᠭᠤᠯᠬᠤ ᠰᠤᠳᠤᠯᠭᠠᠨ ᠤ ᠲᠠᠰᠤᠭ ᠤᠨ ᠳᠡᠳ᠋ ᠡᠷᠬᠢᠯᠡᠭᠴᠢ ᠴᠡᠪᠡᠷ᠂ ᠠᠶᠢᠮᠠᠭ ᠤᠨ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠬᠠᠢ ᠵᠢᠶᠦ᠋ᠨ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠣ | ᠽᠢ ᠨᠠᠨ ᠶᠠᠷᠢᠶ᠎ᠠ ᠲᠠᠯᠪᠢᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ 8 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠭᠤᠤᠯᠳᠠᠭᠤ ᠲᠤᠰᠬᠠᠶ ᠮᠡᠷᠭᠡᠵᠢᠯᠲᠡᠨ ᠤ ᠬᠢᠴᠢᠶᠡᠯᠯᠡᠭᠡ᠂ ᠠᠬᠤᠢ ᠲᠠᠯᠠᠪᠠᠢ ᠳᠤ ᠵᠢᠭᠠᠨ ᠰᠤᠷᠭᠠᠬᠤ᠂ ᠰᠣᠯᠢᠯᠴᠠᠨ | ᠰᠤᠷᠤᠯᠴᠠᠬᠤ ᠬᠡᠯᠪᠡᠷᠢ ᠪᠠᠷ ᠶᠠᠪᠤᠭᠳᠠᠨ᠎ᠠ᠃ ᠪᠣᠯᠪᠠᠰᠤᠷᠠᠯ ᠳᠤ ᠪᠠᠰᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠣᠹᠧᠰᠰᠣᠷ᠂ ᠳ᠋ᠣᠺᠲ᠋ᠣᠷᠠᠨᠲ ᠤᠨ | ᠵᠢᠯᠣᠭᠤᠳᠣᠭᠴᠢ ᠪᠠᠭᠰᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠭᠠᠨ ᠤ ᠲᠥᠪ ᠤᠨ | ᠡᠷᠬᠢᠯᠡᠭᠴᠢ᠂ ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ | ᠪᠠᠭᠰᠢ᠂ ᠶᠠᠫᠣᠨ ᠤ ᠴᠢᠶᠠᠨ ᠶᠧ ᠶᠡᠭᠡ ᠰᠤᠷᠭᠠᠭᠤᠯᠢ ᠶᠢᠨ ᠨᠡᠷ᠎ᠡ ᠬᠦᠨᠳᠦᠳᠦ ᠫᠷᠣᠹᠧᠰᠰᠣᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ᠂ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠴᠢᠬᠤᠯᠠ ᠲᠦᠷᠦᠯ ᠵᠦᠢᠯ ᠤᠨ ᠲᠦᠷᠦᠬᠦᠦ | ᠮᠡᠷᠭᠡᠵᠢᠯᠲᠡᠨ ᠲᠠᠶᠠ ᠫᠷᠣᠹᠧᠰᠰᠣᠷ᠂ ᠦᠨᠳᠦᠰᠦᠲᠡᠨ ᠤ ᠵᠢᠷᠤᠭᠲᠤ ᠰᠣᠨᠢᠨ ᠤ ᠬᠤᠷᠢᠶ᠎ᠠ ᠶᠢᠨ ᠨᠠᠶᠢᠷᠠᠭᠤᠯᠬᠤ | ᠵᠥᠪᠯᠡᠯ ᠤᠨ ᠭᠡᠰᠢᠬᠦᠨ᠂ ᠬᠢᠲᠠᠳ ᠮᠣᠩᠭᠤᠯ ᠬᠡᠪᠯᠡᠯ ᠤᠨ ᠨᠠᠶᠢᠷᠠᠭᠤᠯᠬᠤ ᠬᠡᠯᠲᠡᠰ ᠤᠨ ᠡᠷᠬᠢᠯᠡᠭᠴᠢ᠂ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠣᠳᠣᠨ ᠴᠢᠳᠠᠪᠤᠷᠢᠲᠠᠨ᠂ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠰᠣᠶᠣᠯ ᠤᠨ ᠨᠡᠷᠡᠳᠦ ᠬᠦᠮᠦᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ | ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠰᠤᠳᠤᠯᠭᠠᠨ ᠤ ᠤᠶᠤᠨ ᠤ | ᠬᠥᠮᠥᠷᠭᠡ ᠶᠢᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠲᠡᠮᠦᠷᠪᠠᠭᠠᠨ᠎ᠠ ᠵᠢᠴᠢ ᠤᠯᠤᠰ ᠤᠨ ᠲᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ︽ᠵᠠᠩᠭᠠᠷ︾ ᠤᠨ ᠤᠯᠠᠮᠵᠢᠯᠠᠭᠴᠢ ᠳᠣᠷᠵᠢ · | ᠨᠢᠮ᠎ᠠ ᠪᠠᠭᠰᠢ ᠨᠠᠷ ᠢ ᠣᠨᠴᠠᠭᠠᠶᠢᠯᠠᠨ ᠤᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠦ ᠴᠤᠭᠴᠠᠯᠠᠬᠤ ᠠᠭᠤᠯᠭ᠎ᠠ ᠶᠢᠨ ᠬᠢᠴᠢᠶᠡᠯᠯᠡᠭᠡ᠂ ︽ ᠵᠠᠩᠭᠠᠷ︾ ᠤᠨ ᠪᠦᠲᠦᠭᠡᠯᠴᠢ ᠴᠢᠨᠠᠷᠲᠠᠢ | ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢᠨ ᠲᠠᠶᠢᠯᠤᠮᠵᠢ᠂ ︽ᠵᠠᠩᠭᠠᠷ︾ ᠬᠠᠶᠢᠯᠬᠤ | ᠵᠢᠴᠢ ᠳᠣᠪᠰᠢᠭᠤᠷ ᠬᠥᠭᠵᠢᠮᠳᠡᠬᠦ ᠰᠤᠷᠭᠠᠯᠲᠠ ᠵᠡᠷᠭᠡ ᠠᠭᠤᠯᠭ᠎ᠠ ᠶᠢᠨ ᠲᠤᠭᠤᠷᠢᠨ ᠳᠤ ᠬᠢᠴᠢᠶᠡᠯᠯᠡᠬᠦ ᠶᠤᠮ ᠪᠠᠶᠢᠨ᠎ᠠ᠃ | ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠬᠠᠷᠢᠭᠤᠴᠠᠯᠭᠠᠲᠠᠨ︔ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠠᠭᠤᠤ | ᠬᠥᠭᠵᠢᠮ ᠤᠨ ᠪᠠᠭᠰᠢ᠂ ᠰᠣᠶᠣᠯ ᠤᠨ ᠣᠷᠳᠣᠨ ᠤ ᠠᠵᠢᠯᠲᠠᠨ ᠵᠢᠴᠢ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ | ᠲᠥᠪ ᠤᠨ ᠪᠠᠭᠰᠢ︔ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠪᠥᠬᠦ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠡᠰᠡᠭ | ᠺᠠᠳ᠋ᠷ ᠨᠡᠶᠢᠲᠡ 100 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃ |