7 ᠰᠠᠷ᠎ᠠ ᠶᠢᠨ 1 ᠤ ᠡᠳᠦᠷ ᠠᠪᠠᠭ᠎ᠠ ᠬᠤᠰᠢᠭᠤᠨ ᠤ ᠤᠯᠠᠭᠠᠨᠮᠦ᠋ᠴᠢᠷ ᠪᠤᠯᠤᠨ ᠬᠤᠰᠢᠭᠤ ᠨᠢᠭᠡᠳᠦᠭᠡᠷ ᠪᠠᠭ᠎ᠠ | ᠰᠤᠷᠭᠠᠭᠤᠯᠢ ᠶᠢᠨ ᠪᠠᠭᠠᠴᠤᠳ ᠬᠡᠤᠭᠡᠳ ᠤᠨ ᠤᠯᠠᠭᠠᠨᠮᠦ᠋ᠴᠢᠷ ᠤᠨ ︽ᠭᠠᠷ ᠭᠠᠷ ᠢᠶᠠᠨ ᠬᠤᠯᠪᠤᠯᠴᠠᠬᠤ︾ | ᠤᠬᠠᠭᠤᠯᠭ᠎ᠠ ᠶᠢᠨ ᠠᠵᠢᠯᠯᠠᠭ᠎ᠠ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠳᠤ ᠬᠦᠭᠵᠢᠶᠠᠨᠳᠠᠢ | ᠶᠠᠪᠤᠭᠳᠠᠵᠦ᠂ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠠᠶᠠᠷᠯᠠᠨ | ᠪᠡᠯᠭᠡᠯᠡᠭᠰᠡᠨ ᠪᠠᠶᠢᠨ᠎ᠠ᠃ | ᠠᠵᠢᠯᠯᠠᠭᠠᠨ ᠤ ᠠᠬᠤᠢ ᠲᠠᠯᠠᠪᠠᠢ ᠬᠦᠷ ᠬᠦᠭᠵᠢᠶᠠᠨ ᠢᠶᠠᠷ ᠪᠢᠯᠬᠠᠵᠦ᠂ ᠬᠤᠷᠠᠭᠰᠠᠨ ᠤᠯᠠᠨ ᠤ ᠰᠡᠳᠬᠢᠯ | ᠰᠡᠷᠬᠦᠭᠡᠨ᠎ᠡ᠃ ᠤᠯᠠᠭᠠᠨᠮᠦ᠋ᠴᠢᠷ ᠤᠨ ᠲᠤᠭᠯᠠᠭᠴᠢᠳ ᠮᠠᠨᠢ ᠤᠷ᠎ᠠ ᠠᠪᠢᠶᠠᠰ᠂ ᠤᠷᠠᠯᠢᠭ ᠤᠨ ᠮᠡᠷᠭᠡᠵᠢᠯ ᠢᠶᠠᠨ | ᠬᠠᠷᠠᠭᠤᠯᠤᠨ᠂ ᠤᠷᠬᠢᠯᠤᠮ᠎ᠠ ᠬᠠᠯᠠᠭᠤᠨ ᠰᠡᠳᠬᠢᠯᠭᠡ ᠪᠠᠷ ᠠᠶ᠎ᠠ ᠲᠠᠭᠤᠤ ᠪᠠᠷ ᠠᠭᠤᠤ ᠨᠠᠮ ᠤᠨ ᠠᠴᠢ ᠡᠨᠡᠷᠢᠯ ᠬᠢᠭᠡᠳ | ᠠᠤᠭ᠎ᠠ ᠠᠮᠵᠢᠯᠳᠠ ᠶᠢ ᠮᠠᠭᠳᠠᠨ ᠲᠠᠭᠤᠯᠠᠵᠦ᠂ ᠤᠷᠠᠨ ᠪᠦᠵᠢᠭ ᠢᠶᠠᠷ ᠲᠠᠯ᠎ᠠ ᠨᠤᠳᠤᠭ ᠤᠨ ᠬᠦᠪᠡᠬᠦᠳ ᠦᠬᠢᠳ ᠤᠨ | ᠨᠠᠮ ᠢᠶᠠᠨ ᠬᠠᠶᠢᠷᠠᠯᠠᠬᠤ ᠰᠡᠳᠬᠢᠯᠭᠡ ᠬᠢᠭᠡᠳ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠭᠡᠳᠦᠯ ᠢ | ᠢᠯᠡᠷᠡᠬᠦᠯᠦᠨ᠂ ᠲᠤᠭᠯᠠᠯᠳᠠ ᠶᠢᠨ ᠭᠤᠶᠢᠳᠠ ᠶᠢ ᠦᠵᠡᠭᠴᠢᠳ ᠲᠤ ᠪᠠᠨ ᠰᠤᠨᠢᠷᠬᠠᠭᠤᠯᠤᠨ᠎ᠠ᠃ ᠲᠡᠭᠡᠬᠦ ᠳᠤ ᠪᠠᠭ᠎ᠠ | ᠰᠤᠷᠭᠠᠭᠤᠯᠢ ᠶᠢᠨ ᠪᠠᠭᠠᠴᠤᠳ ᠬᠡᠤᠭᠡᠳ ᠤᠨ ᠤᠯᠠᠭᠠᠨᠮᠦ᠋ᠴᠢᠷ ᠤᠨ ᠪᠢᠴᠢᠬᠠᠨ ᠲᠤᠭᠯᠠᠭᠴᠢᠳ ᠴᠦ ᠮᠦᠴᠡᠭᠡ ᠪᠠᠨ | ᠦᠭᠬᠦ ᠦᠭᠡᠢ ᠭᠡᠰᠡᠨ ᠰᠢᠭ ᠬᠤᠪᠢᠰᠬᠠᠯ ᠤᠨ ᠰᠤᠩᠭᠤᠳᠠᠭ ᠲᠠᠭᠤᠤ ᠶᠢ ᠬᠠᠩᠬᠢᠨᠠᠳᠠᠯ᠎ᠠ ᠲᠠᠭᠤᠯᠠᠵᠦ᠂ ᠲᠡᠷᠡᠬᠦ | ᠲᠠᠶᠢᠰᠠᠨ ᠤ ᠨᠠᠮᠪᠠ᠂ ᠤᠷᠠᠯᠢᠭ ᠤᠨ ᠠᠪᠢᠶᠠᠰ᠂ ᠤᠷᠮ᠎ᠠ ᠵᠤᠷᠢᠭ ᠨᠢ ᠰᠢᠨ᠎ᠡ ᠴᠠᠭ ᠤᠨ ᠪᠠᠭᠠᠴᠤᠳ ᠬᠡᠤᠭᠡᠳ ᠤᠨ | ᠴᠤᠭ ᠵᠢᠪᠬᠤᠭ᠎ᠠ ᠶᠢ ᠶᠠᠭᠠᠬᠢᠬᠤ ᠠᠷᠭ᠎ᠠ ᠦᠭᠡᠢ ᠬᠠᠷᠠᠭᠤᠯᠤᠨ᠎ᠠ᠃ ᠮᠦᠨᠴᠦ ᠤᠯᠠᠭᠠᠨᠮᠦ᠋ᠴᠢᠷ ᠤᠨ ᠲᠤᠭᠯᠠᠭᠴᠢᠳ ᠲᠠᠢ | ︽ᠭᠠᠷ ᠭᠠᠷ ᠢᠶᠠᠨ ᠬᠤᠯᠪᠤᠯᠴᠠᠬᠤ︾ ᠲᠤᠮᠳᠠ᠂ ᠬᠡᠤᠭᠡᠳ ᠪᠠᠭᠠᠴᠤᠳ ᠮᠠᠨᠢ ᠲᠤᠰᠬᠠᠢ ᠮᠡᠷᠭᠡᠵᠢᠯ ᠤᠨ ᠲᠤᠭᠯᠠᠯᠳᠠ | ᠶᠢᠨ ᠤᠷ᠎ᠠ ᠮᠡᠷᠭᠡᠵᠢᠯ ᠢ ᠪᠠᠭ᠎ᠠ ᠴᠦ ᠭᠡᠰᠡᠨ ᠰᠢᠩᠭᠡᠭᠡᠭᠰᠡᠨ ᠢᠶᠠᠷ ᠪᠠᠷᠠᠬᠤ ᠦᠭᠡᠢ᠂ ᠬᠤᠪᠢᠰᠬᠠᠯ ᠤᠨ ᠰᠤᠶᠤᠯ ᠤᠨ | ᠷᠢᠳᠢ ᠰᠢᠳᠢ ᠬᠢᠭᠡᠳ ᠬᠤᠪᠢᠰᠬᠯᠠᠳᠦ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭ᠎ᠠ ᠶᠢ ᠨᠡᠩ ᠬᠦᠨᠵᠡᠭᠡᠢ | ᠤᠶᠢᠯᠠᠭᠠᠭᠰᠠᠨ ᠪᠠᠶᠢᠨ᠎ᠠ᠃ | ᠡᠨᠡᠬᠦ ᠠᠵᠢᠯᠯᠠᠭ᠎ᠠ ᠨᠢ ᠦᠨᠳᠦᠰᠦᠳᠡᠨ ᠤ ᠰᠤᠶᠤᠯ ᠤᠨ ᠠᠮᠢᠳᠤᠷᠠᠯ ᠤᠨ ᠪᠠᠭᠠᠴᠤᠳ ᠬᠡᠤᠭᠡᠳ ᠲᠤ ᠦᠵᠡᠬᠦᠯᠬᠦ | ᠨᠦᠯᠦᠭᠡᠯᠡᠬᠦ ᠬᠦᠴᠦᠨ᠂ ᠲᠠᠳᠠᠬᠤ ᠬᠦᠴᠦᠨ ᠢ ᠨᠡᠮᠡᠭᠳᠡᠬᠦᠯᠦᠭᠰᠡᠨ ᠢᠶᠠᠷ ᠪᠠᠷᠠᠬᠤ ᠦᠭᠡᠢ ᠲᠡᠳᠡᠨ ᠤ ᠦᠨᠳᠦᠰᠦᠳᠡᠨ ᠤ | ᠤᠮᠤᠭᠰᠢᠯᠳᠦ ᠰᠡᠳᠬᠢᠯᠭᠡ ᠶᠢ ᠬᠦᠭᠵᠢᠭᠡᠵᠦ᠂ ᠦᠨᠳᠦᠰᠦᠳᠡᠨ ᠤ ᠰᠤᠶᠤᠯ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠦᠷᠬᠦᠯᠵᠢᠯᠡᠨ ᠤᠯᠠᠮᠵᠢᠯᠠᠨ ᠵᠠᠯᠭᠠᠮᠵᠢᠯᠠᠬᠤ ᠳᠤ ᠰᠠᠭᠤᠷᠢ ᠲᠠᠯᠪᠢᠵᠦ᠂ ᠦᠨᠳᠦᠰᠦᠳᠡᠨ ᠤ ᠵᠤᠷᠢᠭ ᠰᠠᠨᠠᠭᠠᠨ ᠤ | ᠬᠦᠮᠦᠵᠢᠯ ᠤᠨ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠦ᠂ ᠪᠠᠭᠰᠢ ᠠᠵᠢᠯᠳᠠᠨ ᠤ ᠦᠨᠳᠦᠰᠦᠨ ᠱᠠᠳᠤᠨ | ᠳᠤ ᠦᠨᠳᠦᠰᠦ ᠬᠠᠳᠬᠤᠨ᠂ ᠤᠯᠠᠨ ᠲᠦᠮᠡᠨ ᠳᠤ ᠦᠢᠯᠡᠴᠢᠯᠡᠵᠦ᠂ ᠴᠠᠭ ᠦᠶ᠎ᠡ ᠶᠢᠨ ᠠᠭᠤᠷ ᠠᠮᠢᠰᠬᠤᠯ ᠢ | ᠢᠯᠡᠷᠡᠬᠦᠯᠬᠦ ᠳᠤ᠂ ᠴᠢᠨᠠᠷ ᠰᠠᠶᠢᠳᠠᠢ ᠤᠶᠤᠨ ᠤ ᠬᠦᠨᠡᠰᠦ ᠬᠠᠩᠭᠠᠬᠤ ᠶᠢ ᠵᠤᠷᠢᠭᠰᠠᠨ ᠪᠠᠶᠢᠨ᠎ᠠ᠃ |